ᠮᠠᠨ ᠤ ᠬᠤᠲᠠ ᠮᠥᠭᠦᠲᠦ ᠡᠪᠡᠰᠦᠨ ᠤ ᠮᠡᠷᠭᠡᠵᠢᠯ ᠢ ᠠᠮᠢ ᠠᠬᠤᠶ ᠶᠢᠨ ᠵᠠᠰᠠᠯᠲᠠ ᠪᠠ ᠪᠣᠬᠢᠷᠲᠤᠯ ᠥᠬᠡᠶ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠡᠷᠡᠭᠯᠡᠬᠦ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/19
     9 ᠰᠠᠷ᠎ᠠ ᠶᠢᠨ 16 ᠤ ᠡᠳᠦᠷ᠂ ᠮᠠᠨ ᠤ ᠬᠤᠳᠠ ᠮᠦᠬᠦᠲᠤ ᠡᠪᠡᠰᠦᠨ ᠤ ᠮᠡᠷᠭᠡᠵᠢᠯ ᠢ ᠠᠮᠢ ᠠᠬᠤᠢ ᠶᠢᠨ ᠵᠠᠰᠠᠯᠲᠠ ᠪᠣᠯᠤᠨ ᠪᠣᠬᠢᠷᠲᠤᠯ ᠦᠭᠡᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠡᠷᠡᠭᠯᠡᠬᠦ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠳᠡᠳ᠋ ᠳᠠᠷᠤᠭ᠎ᠠ ᠸᠠᠩ ᠵᠢᠶ ᠫᠢᠩ ᠬᠤᠷᠠᠯ ᠡᠷᠭᠢᠯᠡᠪᠡ᠃      ᠬᠤᠷᠠᠯ ᠠᠴᠠ ᠤᠯᠤᠰ ᠤᠨ ᠮᠦᠬᠦᠲᠤ ᠡᠪᠡᠰᠦᠨ ᠤ ᠲᠥᠪ ᠤᠨ ᠲᠥᠯᠥᠭᠡᠯᠡᠭᠴᠢᠳ ᠤᠨ ᠬᠤᠯᠪᠣᠭᠠᠲᠤ ᠴᠣᠭᠴᠠ ᠶᠢᠨ ᠬᠢᠭᠰᠡᠨ ︽ᠦᠬᠠᠢ ᠶᠢᠨ ᠲᠦᠷᠦᠯ ᠵᠦᠢᠯ ᠤᠨ ᠰᠠᠨᠠᠭᠤᠯᠭ᠎ᠠ ᠶᠢᠨ ᠪᠢᠴᠢᠭ︾ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠷᠠᠯ ᠳᠤ ᠣᠷᠣᠯᠴᠠᠭᠰᠠᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠺᠠᠳᠧᠮᠢᠴᠢ ᠲᠤᠰᠬᠠᠢ ᠮᠡᠷᠭᠡᠵᠢᠯᠲᠡᠨ᠂ ᠮᠦᠬᠦᠳᠦ ᠡᠪᠡᠰᠦᠨ ᠤ ᠠᠵᠤ ᠦᠢᠯᠡᠰ ᠤᠨ ᠬᠤᠯᠪᠣᠭᠠᠲᠤ ᠴᠣᠭᠴᠠ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠰᠡᠷᠭᠦᠭᠡᠨ ᠬᠠᠮᠠᠭᠠᠯᠠᠬᠤ᠂ ᠭᠠᠵᠠᠷ ᠰᠢᠷᠣᠢ ᠶᠢᠨ ᠴᠦᠯᠯᠡᠷᠭᠡᠭᠵᠢᠯ ᠢ ᠵᠠᠰᠠᠬᠤ᠂ ᠮᠦᠬᠦᠳᠦ ᠡᠪᠡᠰᠦᠨ ᠤ ᠠᠵᠤ ᠦᠢᠯᠡᠰᠵᠢᠯᠲᠡ ᠶᠢᠨ ᠬᠥᠭᠵᠢᠯᠲᠡ ᠵᠡᠷᠭᠡ ᠶᠢᠨ ᠲᠣᠭᠤᠷᠢᠨ ᠳᠤ ᠶᠠᠷᠢᠯᠴᠠᠨ ᠰᠣᠯᠢᠯᠴᠠᠪᠠ᠃      ᠯᠢ ᠴᠦᠨ ᠰᠢᠶᠤᠤ ᠬᠡᠯᠡᠭᠰᠡᠨ ᠨᠢ᠂ ᠮᠥᠭᠦᠲᠦ ᠡᠪᠡᠰᠦᠨ ᠤ ᠮᠡᠷᠭᠡᠵᠢᠯ ᠨᠢ ᠬᠥᠷᠥᠰᠥ ᠰᠢᠷᠣᠶ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠬᠥᠷᠥᠰᠥ ᠰᠢᠷᠣᠶ ᠶᠢ ᠰᠠᠶᠢᠵᠢᠷᠠᠭᠤᠯᠬᠤ᠂ ᠬᠥᠷᠥᠰᠥ ᠰᠢᠷᠣᠶ ᠶᠢ ᠰᠡᠷᠭᠦᠭᠡᠬᠦ᠂ ᠬᠦᠨᠳᠦ ᠲᠡᠮᠦᠷᠯᠢᠭ ᠢ ᠰᠢᠩᠭᠡᠭᠡᠬᠦ ᠵᠡᠷᠭᠡ ᠴᠢᠳᠠᠮᠵᠢ ᠲᠠᠢ ᠪᠠᠶᠢᠵᠤ᠂ ᠠᠮᠢ ᠠᠬᠤᠶ ᠶᠢᠨ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠲᠤᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ ᠂ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠬᠢᠯ ᠵᠠᠮ ᠢ ᠪᠠᠶᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠡᠷᠡᠭᠲᠡᠢ᠃ ᠡᠬᠢ ᠪᠠᠶᠠᠯᠢᠭ ᠤᠨ ᠠᠰᠢᠭᠯᠠᠯᠲᠠ ᠶᠢᠨ ᠲᠦᠪᠰᠢᠨ ᠢᠶᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠨᠢᠭᠡ ᠪᠦᠯᠦᠭ ᠠᠵᠤ ᠦᠢᠯᠡᠰ ᠤᠨ ᠳᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠰᠢᠭᠤᠯᠵᠤ᠂ ᠲᠤᠷᠰᠢᠯᠲᠠ ᠬᠢᠬᠦ ᠪᠠ ᠵᠢᠱᠢᠶ᠎ᠡ ᠦᠵᠡᠭᠦᠯᠬᠦ ᠪᠠᠷ ᠳᠠᠮᠵᠢᠭᠤᠯᠵᠤ᠂ ᠡᠭᠦᠨ ᠤ ᠤᠯᠠᠮ ᠢᠶᠠᠷ ᠮᠦᠬᠦᠲᠤ ᠡᠪᠡᠰᠦᠨ ᠤ ᠲᠠᠷᠢᠮᠠᠯ ᠢ ᠬᠡᠪᠴᠢᠶᠡᠵᠢᠭᠦᠯᠬᠦ᠂ ᠵᠠᠬ᠎ᠠ ᠳᠡᠯᠭᠡᠭᠦᠷᠴᠢᠯᠡᠬᠦ ᠪᠠ ᠠᠵᠤ ᠦᠢᠯᠡᠰᠵᠢᠭᠦᠯᠬᠦ ᠶᠢ ᠪᠡᠶᠡᠯᠡᠭᠦᠯᠵᠦ᠂ ᠠᠮᠢ ᠠᠬᠤᠢ᠂ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠢ ᠨᠢᠭᠲᠠ ᠤᠶᠠᠯᠳᠤᠭᠤᠯᠤᠭᠰᠠᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠬᠦ ᠬᠡᠷᠡᠭᠲᠡᠢ᠃ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠮᠦᠬᠦᠲᠤ ᠡᠪᠡᠰᠦᠨ ᠤ ᠠᠵᠤ ᠦᠢᠯᠡᠰ ᠤᠨ ᠬᠤᠯᠪᠣᠭᠠᠲᠤ ᠴᠣᠭᠴᠠ ᠶᠢᠨ ᠠᠵᠢᠯ ᠢᠶᠠᠨ ᠥᠷᠨᠢᠭᠦᠯᠬᠦ ᠳᠤ ᠢᠳᠡᠪᠬᠢᠲᠡᠶ ᠬᠠᠮᠵᠢᠯᠴᠠᠨ᠂ ᠲᠥᠷᠥᠯ ᠵᠦᠢᠯ ᠢ ᠤᠷᠤᠭᠰᠢᠲᠠᠶ ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃      ᠤᠯᠤᠰ ᠤᠨ ᠮᠦᠬᠦ ᠶᠢᠨ ᠡᠪᠡᠰᠦᠨ ᠤ ᠲᠥᠪ ᠤᠨ ᠲᠥᠯᠥᠭᠡᠯᠡᠭᠴᠢ ᠶᠢᠨ ᠬᠤᠯᠪᠣᠭᠠᠲᠤ ᠴᠣᠭᠴᠠ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠢᠯᠡᠷᠭᠡᠶᠢᠯᠡᠭᠰᠡᠨ ᠨᠢ᠂ ᠦᠬᠠᠢ ᠮᠦᠬᠦᠲᠤ ᠡᠪᠡᠰᠦᠨ ᠤ ᠠᠵᠤ ᠦᠢᠯᠡᠰ ᠢ ᠬᠥᠭᠵᠢᠭᠦᠯᠬᠦ ᠶᠡᠭᠡ ᠪᠤᠯᠤᠮᠵᠢ ᠲᠠᠢ᠂ ᠨᠦᠭᠡᠴᠡ ᠬᠦᠴᠦᠨ ᠰᠠᠶᠢᠳᠠᠢ ᠪᠠᠶᠢᠳᠠᠭ᠂ ᠲᠡᠳᠡ ᠲᠠᠪᠴᠠᠩ᠂ ᠡᠬᠢ ᠪᠠᠶᠠᠯᠢᠭ᠂ ᠴᠢᠳᠠᠪᠤᠷᠢᠲᠠᠨ᠂ ᠮᠡᠷᠭᠡᠵᠢᠯ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠠᠨ ᠤ ᠬᠤᠳᠠ ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ ᠭᠡᠵᠡᠢ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号