ᠶᠠᠩ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/9/19
     9 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠳᠠ ᠶᠢᠨ ᠳᠡᠳ᠋ ᠳᠠᠷᠤᠭ᠎ᠠ ᠬᠤᠤ ᠰᠢ ᠬᠤᠩ ᠬᠢᠨᠠᠨ ᠵᠢᠯᠣᠭᠤᠳᠴᠤ ᠪᠠᠶᠢᠴᠠᠭᠠᠬᠤ  ᠳᠤ ᠣᠷᠣᠯᠴᠠᠪᠠ᠃      ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠲᠤ᠂ ᠶᠠᠩ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠳᠠ ᠶᠢᠨ ᠶᠡᠭᠡ ᠲᠠᠷᠢᠬᠢ︾ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠡᠷᠡᠭᠯᠡᠭᠡᠨ ᠤ ᠲᠠᠪᠴᠠᠩ ᠤᠨ ᠬᠡᠷᠡᠭᠯᠡᠭᠡᠨ ᠤ ᠦᠵᠡᠭᠳᠡᠯ᠂ ᠵᠣᠬᠢᠶᠠᠮᠠᠯ ᠤᠶᠤᠨᠲᠤ ᠪᠤᠳᠤᠬᠤ ᠠᠷᠭ᠎ᠠ᠂ ᠪᠠᠷᠠᠭᠠᠨ ᠤ ᠰᠦᠯᠵᠢᠶ᠎ᠡ ᠶᠢᠨ ᠮᠡᠳᠡᠷᠡᠬᠦ ᠮᠡᠷᠭᠡᠵᠢᠯ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠮᠠᠨ ᠤ ᠬᠤᠳᠠ ᠶᠢᠨ ︽ᠨᠢᠭᠡ ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠭᠦᠯᠵᠦ᠂ ᠨᠢᠭᠡ ᠲᠠᠪᠴᠠᠩ ᠢᠶᠠᠷ ᠪᠦᠬᠦ ᠬᠤᠳᠠ ᠶᠢ ᠬᠠᠮᠢᠶᠠᠷᠴᠤ᠂ ᠨᠢᠭᠡ ᠰᠦᠯᠵᠢᠶ᠎ᠡ ᠪᠠᠷ ᠪᠦᠬᠦ ᠬᠤᠳᠠ ᠶᠢ ᠬᠤᠯᠪᠣᠬᠤ︾ ᠪᠦᠳᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠶᠢ ᠰᠤᠷᠤᠯᠴᠠᠨ ᠲᠤᠯᠢᠳᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠲᠥᠯᠥᠪᠯᠡᠵᠦ᠂ ︽ᠬᠤᠳᠠ ᠶᠢᠨ ᠶᠡᠭᠡ ᠲᠠᠷᠢᠬᠢ︾ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠳᠠᠰᠤᠷᠠᠯᠳᠠ ᠦᠬᠡᠢ ᠥᠷᠭᠡᠳᠬᠡᠵᠦ᠂ ᠲᠤᠭ᠎ᠠ ᠪᠠᠷᠢᠮᠲᠠ ᠶᠢᠨ ᠵᠠᠳᠠᠯᠤᠯᠲᠠ ᠶᠢ ᠴᠢᠩᠭᠠᠳᠬᠠᠵᠤ᠂ ᠬᠡᠷᠡᠭᠯᠡᠭᠡᠨ ᠤ ᠦᠵᠡᠭᠳᠡᠯ ᠢ ᠲᠡᠭᠦᠯᠳᠡᠷᠵᠢᠭᠦᠯᠵᠦ᠂ ︽ᠬᠤᠳᠠ ᠶᠢᠨ ᠶᠡᠭᠡ ᠲᠠᠷᠢᠬᠢ︾ ᠶᠢᠨ ᠪᠦᠬᠦ ᠬᠦᠷᠢᠶ᠎ᠡ᠂ ᠪᠦᠬᠦ ᠶᠠᠪᠤᠴᠠ᠂ ᠪᠦᠬᠦ ᠬᠡᠪᠴᠢᠶ᠎ᠡ ᠶᠢ ᠪᠦᠷᠬᠦᠬᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠭ᠎ᠠ ᠪᠠᠷᠢᠮᠲᠠ ᠶᠢ ᠬᠠᠳᠠᠭᠠᠯᠠᠬᠤ᠂ ᠡᠷᠭᠢᠯᠳᠦᠭᠦᠯᠬᠦ᠂ ᠬᠡᠷᠡᠭᠯᠡᠬᠦ ᠵᠡᠷᠭᠡ ᠡᠯ᠎ᠡ ᠭᠤᠭᠴᠤᠭ᠎ᠠ ᠳᠤ ᠠᠮᠤᠷ ᠲᠦᠪᠰᠢᠨ ᠠᠯᠳᠠᠭ᠎ᠠ ᠪᠤᠷᠤᠭᠤ ᠦᠭᠡᠢ᠂ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ᠃ ᠣᠨᠴᠠᠯᠢᠭ ᠢᠶᠠᠨ ᠳᠤᠪᠤᠶᠢᠯᠭᠠᠵᠤ᠂ ᠬᠤᠳᠠ ᠶᠢᠨ ᠲᠣᠭᠤᠷᠢᠭ᠂ ᠲᠠᠷᠢᠶᠠᠯᠠᠬᠤ ᠣᠷᠣᠨ᠂ ᠬᠦᠷᠢᠶᠡᠯᠡᠩ ᠲᠣᠭᠤᠷᠢᠭ᠂ ᠠᠭᠤᠷᠬᠠᠢ ᠶᠢᠨ ᠣᠷᠣᠨ ᠢ ᠨᠢᠭᠡᠳᠦᠯᠲᠡᠢ ᠲᠥᠯᠥᠪᠵᠢᠭᠦᠯᠵᠦ᠂ ︽ᠬᠤᠳᠠ ᠶᠢᠨ ᠶᠡᠭᠡ ᠲᠠᠷᠢᠬᠢ︾ ᠶᠢᠨ ᠪᠦᠳᠦᠬᠡᠨ ᠪᠠᠶᠢᠭᠤᠯᠤᠯᠲᠠ ᠶᠢ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠴᠣᠭᠴᠠᠯᠠᠬᠤ ᠵᠡᠷᠭᠡ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ︽ᠬᠥᠮᠦᠨ ᠴᠢᠳᠠᠬᠤ ᠦᠬᠡᠢ ᠪᠤᠯ ᠪᠢ ᠴᠢᠳᠠᠨ᠎ᠠ᠂ ᠬᠥᠮᠦᠨ ᠴᠢᠳᠠᠪᠠᠯ ᠪᠤᠯ ᠪᠢ ᠰᠢᠯᠢᠳᠡᠭ᠂ ᠬᠥᠮᠦᠨ ᠰᠢᠯᠢᠳᠡᠭ ᠪᠤᠯ ᠪᠢ ᠣᠨᠴᠠᠭᠠᠢ︾ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠤᠶᠤᠨᠲᠤ ᠬᠤᠳᠠ ᠶᠢᠨ ︽ᠦᠬᠠᠢ ᠶᠢᠨ ᠬᠡᠪ ᠳᠠᠭᠤᠷᠢᠶᠠᠯ︾ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠡᠢ᠃      ᠳᠠᠷᠠᠭ᠎ᠠ ᠳᠤᠨᠢ᠂ ᠶᠠᠩ ᠶᠢᠨ 12345 ᠬᠤᠳᠠ ᠶᠢᠨ ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤᠨ ᠤ ᠲᠠᠪᠴᠠᠩ ᠳᠤ ᠬᠦᠷᠴᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠠᠵᠢᠯᠳᠠᠨ ᠤ ᠡᠩᠨᠡᠭᠡ᠂ ᠬᠠᠲᠠᠭᠤ ᠬᠡᠷᠡᠭᠰᠡᠯ ᠤᠨ ᠲᠥᠬᠦᠭᠡᠷᠦᠮᠵᠢ᠂ ᠠᠵᠢᠯᠯᠠᠭᠠᠨ ᠤ ᠬᠠᠮᠢᠶᠠᠷᠤᠯᠲᠠ ᠵᠡᠷᠭᠡ ᠪᠠᠶᠢᠳᠠᠯ ᠢ ᠨᠢ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ 12345 ᠬᠤᠲᠠ ᠶᠢᠨ ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤ ᠶᠢ ᠨᠡᠪᠳᠡᠷᠡᠬᠦᠯᠬᠦ ᠪᠣᠯ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠴᠢᠬᠤᠯᠠ ᠭᠠᠷᠳᠠᠴᠠ ᠮᠥᠨ᠂ ᠣᠯᠠᠨ ᠲᠦᠮᠡᠨ ᠪᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠮᠥᠨ᠃ ᠠᠵᠢᠯ ᠤᠨ ᠲᠣᠭᠲᠠᠴᠠ ᠪᠠᠨ ᠪᠠᠶᠢᠭᠤᠯᠤᠨ ᠪᠦᠷᠢᠨᠰᠢᠬᠦᠯᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠨ᠂ ᠬᠠᠯᠠᠮᠰᠢᠯ ᠤᠲᠠᠰᠤ ᠶᠢ ᠨᠡᠪᠲᠡᠷᠡᠭᠦᠯᠬᠦ ᠨᠣᠷᠮ᠎ᠠ᠂ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠪᠠ ᠬᠠᠨᠤᠮᠵᠢ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号