ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ ᠤᠨ 2022 ᠣᠨ ᠤ 19 ᠳ᠋ᠣᠭᠡᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/19
     9 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2022 ᠣᠨ ᠤ 19 ᠳ᠋ᠣᠭᠡᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠪᠠ᠃      ᠬᠤᠷᠠᠯ ᠳᠡᠭᠡᠷ᠎ᠡ᠂ ᠬᠤᠤ ᠰᠢ ᠬᠤᠩ᠂ ᠮᠤᠤ ᠵᠧᠨ ᠬᠠᠢ ᠲᠤᠰ ᠲᠤᠰ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠪᠤᠰᠤᠳ ᠪᠦᠷᠢᠯᠳᠦᠬᠦᠨ ᠪᠢᠴᠢᠭ ᠤᠨ ᠬᠡᠯᠪᠡᠷᠢ ᠪᠠᠷ ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠶᠢᠨ ᠴᠢᠬᠤᠯᠠ ᠤᠯᠤᠰ ᠲᠥᠷᠥ ᠶᠢᠨ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠠᠵᠢᠯ ᠤᠨ ᠡᠭᠦᠷᠭᠡ ᠶᠢ ᠪᠠᠲᠤ ᠡᠵᠡᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠰᠢᠨ᠎ᠡ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠪᠠᠷᠢᠮᠲᠠᠯᠠᠵᠤ᠂ ︽ᠲᠦᠷᠪᠡᠨ ᠰᠤᠷᠲᠠᠯ︾ ᠢ ᠡᠷᠡᠰ ᠭᠤᠶᠢᠪᠢᠰᠢ ᠦᠭᠡᠢ ᠪᠠᠷ ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ᠂ ᠦᠨᠡᠨᠬᠦ ᠠᠳᠬᠤᠵᠤ ᠪᠣᠳᠠᠲᠠᠢ ᠠᠵᠢᠯᠯᠠᠵᠤ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ︽ᠠᠷᠪᠠᠨ ᠬᠤᠶᠠᠷ ᠡᠷᠬᠡᠪᠰᠢ︾ ᠶᠢᠨ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠶᠢᠨ ᠭᠤᠣᠯᠳᠠᠯᠭ᠎ᠠ ᠶᠢ ᠡᠵᠡᠮᠳᠡᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠰᠠᠭᠤᠷᠢ ᠪᠠᠨ ᠪᠠᠬᠢᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢ ᠨᠢᠭᠲᠠᠷᠠᠭᠤᠯᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠬᠦ ᠪᠡᠶᠡᠯᠡᠭᠦᠯᠵᠦ᠂ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ᠃ ᠰᠢ ᠶᠢᠨ ᠫᠢᠩ ᠤᠨ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠣᠨᠣᠪᠴᠢᠲᠠᠢ ᠡᠵᠡᠮᠳᠡᠬᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠶᠢ ᠠᠭᠤᠰᠤᠯᠴᠠᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号