ᠲᠠᠩ ᠢ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/19
     9 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠤᠨ ᠮᠠᠨ ᠤ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠢ ᠬᠤᠯᠪᠣᠭᠳᠠᠯ ᠪᠦᠬᠦᠢ ᠴᠣᠬᠤᠯᠠᠪᠤᠷᠢ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠤᠷᠤᠯᠴᠠᠵᠤ ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ  ᠢᠶᠠᠨ ᠲᠤᠬᠢᠷᠠᠭᠤᠯᠤᠨ ᠪᠠᠶᠢᠷᠢᠯᠠᠭᠤᠯᠪᠡ᠃ ᠬᠤᠳᠠ ᠶᠢᠨ ᠤᠳᠤᠷᠢᠳᠤᠯᠭ᠎ᠠ ᠶᠠᠩ ᠶᠢᠨ᠂ ᠵᠢᠶᠠ ᠴᠢᠩ ᠳ᠋ᠦᠩ᠂ ᠯᠢ ᠴᠦᠨ ᠰᠢᠶᠤᠤ ᠨᠠᠷ ᠬᠤᠷᠠᠯ ᠳᠤ ᠣᠷᠣᠯᠴᠠᠪᠠ᠃      ᠲᠠᠩ ᠢ ᠬᠡᠯᠡᠭᠰᠡᠨ ᠨᠢ᠂ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ︾ ᠪᠠᠷ ᠢᠮᠠᠭᠲᠠ ᠠᠵᠢᠯ ᠤᠨ ᠢᠶᠠᠨ ᠵᠢᠷᠤᠮᠯᠠᠯ ᠪᠣᠯᠭᠠᠵᠤ᠂ ᠨᠡᠩ ᠶᠡᠭᠡ ᠡᠷᠡᠰ ᠵᠣᠷᠢᠭ᠂ ᠣᠪᠣᠷ ᠪᠣᠯᠤᠨ ᠡᠷᠴᠢᠮ ᠭᠠᠷᠭᠠᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠢᠯᠡᠳᠳᠡ ᠰᠠᠶᠢᠵᠢᠷᠠᠬᠤ ᠶᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠤ ᠲᠤᠬᠠᠢ ᠬᠦᠷᠲᠡᠮᠵᠢ ᠶᠢᠨ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃ ᠨᠢᠭᠡ ᠳᠤ᠂ ᠵᠣᠭᠰᠣᠴᠠ ᠪᠠᠨ ᠲᠠᠬᠢᠨ ᠳᠡᠭᠡᠭᠰᠢᠯᠡᠭᠦᠯᠬᠦ ᠬᠡᠷᠡᠭᠲᠡᠶ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠲᠠᠢ ᠬᠠᠷᠭᠤᠭᠤᠯᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠠᠰᠠᠭᠤᠳᠠᠯ ᠢ ᠬᠢᠨᠠᠮᠠᠭᠠᠶ ᠰᠤᠳᠤᠯᠵᠤ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠪᠣᠷ ᠢᠶᠠᠨ ᠲᠥᠪ ᠪᠣᠯᠭᠠᠨ᠂ ᠣᠪᠣᠷ ᠰᠤᠷᠲᠠᠯ ᠢᠶᠠᠨ ᠬᠤᠪᠢᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠡᠷᠡᠰ ᠭᠤᠶᠢᠪᠢᠰᠢ ᠥᠭᠡᠢ ᠪᠠᠷ ᠲᠡᠷᠢᠭᠦᠨ ᠳᠤ ᠲᠠᠯᠪᠢᠵᠤ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠲᠤᠪᠤᠶᠢᠮ᠎ᠠ ᠡᠭᠦᠷᠭᠡ ᠪᠣᠯᠭᠠᠨ ᠴᠢᠩᠭ᠎ᠠ ᠪᠥᠭᠡᠳ ᠰᠠᠶᠢᠲᠤᠷ ᠠᠳᠬᠤᠬᠤ ᠬᠡᠷᠡᠭᠲᠡᠶ᠃ ᠬᠤᠶᠠᠷ ᠲᠤ᠂ ᠪᠠᠷᠢᠮᠵᠢᠶ᠎ᠠ ᠪᠠᠨ ᠲᠡᠬᠢᠵᠦ ᠳᠡᠭᠡᠭᠰᠢᠯᠡᠭᠦᠯᠬᠦ ᠪᠠᠷ ᠱᠠᠭᠠᠷᠳᠠᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠢᠰᠲ᠋ᠧᠮ ᠲᠠᠢ ᠵᠠᠰᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠠᠮᠵᠢᠯᠴᠠᠨ ᠬᠤᠯᠪᠣᠭᠠᠯᠠᠨ ᠠᠬᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠪᠠᠨ ᠬᠦᠴᠦᠯᠡᠨ ᠳᠡᠭᠡᠭᠰᠢᠯᠡᠭᠦᠯᠬᠦ ᠬᠡᠷᠡᠭᠳᠡᠢ᠃ ᠭᠤᠷᠪᠠ ᠳᠤ᠂ ᠠᠵᠢᠯᠯᠠᠭ᠎ᠠ ᠪᠠᠨ ᠤᠯᠠᠮ ᠲᠦᠷᠭᠡᠳᠬᠡᠬᠦ ᠬᠡᠷᠡᠭᠲᠡᠶ᠃ ︽ᠳᠤᠯᠤᠭ᠎ᠠ ᠶᠢ ᠵᠠᠰᠠᠬᠤ︾ ᠶᠢ ᠨᠡᠩ ᠬᠦᠨᠵᠡᠭᠡᠶᠢᠷᠡᠬᠦᠯᠵᠦ᠂ ᠪᠠᠶᠢᠩᠭᠤᠵᠢᠭᠤᠯᠤᠨ ᠰᠢᠰᠲ᠋ᠧᠮᠵᠢᠭᠦᠯᠦᠨ ᠠᠬᠢᠭᠤᠯᠬᠤ ᠬᠡᠷᠡᠭᠲᠡᠶ᠂ ᠰᠢᠮᠳᠠᠭᠤᠯᠤᠨ ᠵᠠᠰᠠᠵᠤ ᠪᠣᠯᠬᠤ ᠦᠬᠡᠢ︔ ᠬᠡᠯᠪᠡᠷᠢ ᠪᠠᠨ ᠬᠤᠪᠢᠷᠠᠭᠤᠯᠬᠤ ᠶᠢ ᠨᠡᠩ ᠲᠤᠯᠭᠠᠮ᠎ᠠ ᠱᠠᠭᠠᠷᠳᠠᠵᠤ᠂ ᠲᠦᠷᠭᠡᠨ ᠲᠥᠯᠥᠪᠵᠢᠭᠦᠯᠵᠦ᠂ ᠡᠷᠴᠢᠮ ᠢᠶᠠᠨ ᠴᠢᠩᠭᠠᠷᠠᠭᠤᠯᠵᠤ᠂ ᠳᠤᠤᠷᠠᠳᠤ ᠳᠡᠰ ᠤᠨ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠶᠢ ᠦᠨᠡᠨᠬᠦ ᠲᠦᠷᠭᠡᠳᠬᠡᠵᠦ᠂ ᠬᠡᠦᠷᠰᠢᠭᠦᠯᠬᠦ ᠠᠵᠤ ᠦᠢᠯᠡᠰ ᠢ ᠨᠡᠶᠢᠳᠬᠡᠵᠦ ᠳᠠᠬᠢᠨ ᠵᠣᠬᠢᠶᠠᠨ ᠪᠠᠶᠢᠭᠤᠯᠵᠤ ᠳᠡᠰ ᠳᠡᠪᠰᠢᠭᠦᠯᠬᠦ ᠶᠢ ᠪᠣᠳᠠᠲᠠᠢ ᠠᠬᠢᠴᠠ ᠲᠠᠢ ᠪᠣᠯᠭᠠᠬᠤ ᠶᠢ ᠬᠦᠴᠦᠲᠡᠢ ᠠᠬᠢᠭᠤᠯᠬᠤ ᠬᠡᠷᠡᠭᠲᠡᠢ︔ ᠵᠠᠰᠠᠬᠤ ᠳᠠᠭᠠᠨ ᠨᠡᠩ ᠣᠨᠣᠪᠴᠢᠲᠠᠢ ᠪᠠᠶᠢᠵᠤ᠂ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ ᠢ ᠦᠨᠡᠨ ᠬᠦ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠤᠭ ᠦᠨᠳᠦᠰᠦ ᠶᠢ ᠨᠢ ᠡᠷᠢᠵᠦ᠂ ᠪᠠᠶᠢᠳᠠᠯ ᠳᠤᠨᠢ ᠲᠠᠭᠠᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠭᠦᠨᠵᠡᠭᠡᠢ ᠵᠠᠰᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠲᠦᠷᠪᠡ ᠳᠤ᠂ ᠬᠠᠷᠢᠭᠤᠴᠠᠯᠭ᠎ᠠ ᠶᠢᠨ ᠲᠡᠰ ᠢᠶᠠᠨ ᠲᠠᠬᠢᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠤᠨ ᠬᠠᠷᠢᠶ᠎ᠠ ᠭᠠᠵᠠᠷ ᠣᠷᠣᠨ ᠤ ᠬᠡᠷᠡᠭ ᠶᠠᠪᠤᠳᠠᠯ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠯ ᠬᠦᠴᠦᠨ ᠢᠶᠠᠨ ᠪᠠᠲᠤᠯᠠᠵᠤ᠂ ᠬᠤᠪᠢ ᠲᠠᠬᠢᠨ ᠴᠢᠷᠮᠠᠶᠢᠵᠤ᠂ ᠥᠨᠢ ᠤᠳᠠᠭᠠᠨ ᠴᠢᠷᠮᠠᠶᠢᠨ ᠠᠵᠢᠯᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号