ᠬᠤᠲᠠ ᠶᠢᠨ ᠵᠠᠰᠠᠭ ᠤᠨ ᠣᠷᠳᠣᠨ ᠤ 2022 ᠣᠨ ᠤ 27 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/2
     8 ᠰᠠᠷ᠎ᠠ ᠶᠢᠨ 31 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠳᠠ ᠶᠢᠨ ᠵᠠᠰᠠᠭ ᠤᠨ ᠣᠷᠳᠣᠨ ᠤ 2022 ᠣᠨ ᠤ 27 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠧᠯᠸᠢᠰ ᠣᠳᠠᠰᠣᠳᠣ ᠬᠤᠷᠠᠯ ᠪᠣᠯᠤᠨ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠲᠦᠷᠭᠡᠨ ᠬᠤᠪᠢᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠥᠰᠦᠯ ᠤᠨ 3.0 ᠬᠡᠪᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠨᠡᠩ ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠤᠢᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠣᠶᠢᠷ᠎ᠠ ᠶᠢᠨ ᠬᠤᠭᠤᠴᠠᠭᠠᠨ ᠳᠤ ᠢᠯᠡᠴᠢᠯᠡᠭᠰᠡᠨ ᠠᠰᠠᠭᠤᠳᠠᠯ ᠤᠨ ᠶᠡᠭᠡ ᠬᠢᠨᠠᠨ ᠪᠠᠶᠢᠴᠠᠭᠠᠯᠲᠠ ᠶᠢᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ︽ᠰᠤᠷᠲᠠᠯ ᠢᠶᠠᠨ ᠬᠤᠪᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠬᠥᠭᠵᠢᠯᠲᠡ ᠶᠢ ᠠᠬᠢᠭᠤᠯᠬᠤ︾ ᠰᠤᠷᠲᠠᠯ ᠤᠨ ᠪᠠᠶᠢᠭᠤᠯᠤᠯᠲᠠ ᠲᠠᠢ ᠤᠶᠠᠯᠳᠤᠭᠤᠯᠤᠨ ᠲᠥᠪᠯᠡᠷᠡᠭᠦᠯᠦᠨ ᠴᠡᠭᠴᠡᠯᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠥᠷᠨᠢᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠪᠠᠨ ᠰᠢᠯᠢᠳᠡᠭᠵᠢᠭᠦᠯᠵᠦ᠂ ︽ᠲᠠᠨ ᠢ ᠬᠠᠪᠰᠤᠷᠤᠨ ᠬᠦᠢᠴᠡᠳᠭᠡᠬᠦ︾ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠡᠵᠡᠩᠨᠡᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ︽ᠦᠢᠯᠡᠴᠢᠯᠡᠭᠴᠢ︾ ᠮᠠᠶ᠋ᠢᠭ ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠰᠡᠳᠭᠢᠯ ᠠᠮᠤᠷ᠂ ᠰᠠᠨᠠᠭ᠎ᠠ ᠠᠮᠤᠷ᠂ ᠲᠠᠭᠠᠯᠠᠮᠵᠢᠲᠠᠢ ᠬᠦᠭᠵᠢᠬᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠴᠢᠩᠭ᠎ᠠ ᠠᠳᠬᠤᠵᠤ᠂ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢᠨ ᠬᠥᠭᠵᠢᠯᠲᠡ ᠶᠢᠨ ᠠᠶᠢᠵᠠᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠬᠤᠷᠳᠤᠴᠠ ᠪᠠᠨ ᠲᠦᠷᠭᠡᠳᠬᠡᠵᠦ᠂ ᠴᠢᠨᠠᠷ ᠰᠠᠶᠢᠲᠠᠢ ᠪᠣᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠬᠡᠯᠬᠢᠶ᠎ᠡ ᠨᠢᠭᠡ ᠠᠷᠭ᠎ᠠ ᠪᠤᠳᠤᠯᠭ᠎ᠠ︾ ᠪᠠᠷ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠴᠢᠩᠭᠠᠳᠬᠠᠬᠤ ᠶᠢ ᠤᠨᠢᠨ ᠳᠡᠭᠡᠷ᠎ᠡ ᠨᠢ ᠨᠥᠬᠦᠪᠥᠷᠢᠯᠡᠵᠦ᠂ ᠠᠵᠤ ᠦᠢᠯᠡᠰ ᠤᠨ ᠳᠤᠤᠷᠠᠳᠤ ᠤᠷᠤᠰᠬᠠᠯ ᠳᠡᠰᠢ ᠥᠷᠭᠡᠵᠢᠬᠦ᠂ ᠦᠢᠯᠡᠳᠬᠦᠨ ᠤ ᠦᠷᠳᠡᠭ ᠤᠨ ᠳᠡᠭᠡᠳᠦ ᠲᠦᠪᠰᠢᠨ ᠳᠡᠰᠢ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ᠃ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ︽ᠬᠠᠭᠠᠰ ᠳᠤᠲᠠᠭᠤ︾ ᠢᠨᠵᠧᠨᠧᠷᠢᠩ ᠢ ᠲᠤᠶᠢᠯᠪᠤᠷᠢᠳᠠᠢ ᠪᠠᠶᠢᠴᠠᠭᠠᠬᠤ ᠠᠵᠢᠯᠯᠠᠭ᠎ᠠ ᠦᠷᠨᠢᠬᠦᠯᠬᠦ  ᠯᠦᠭᠡ ᠣᠶᠠᠯᠳᠣᠭᠤᠯᠵᠣ᠂ ᠲᠥᠷᠥᠯ ᠵᠦᠢᠯ ᠤᠨ ᠡᠮᠦᠨᠡᠬᠢ ᠬᠤᠭᠤᠴᠠᠭ᠎ᠠ᠂ ᠨᠥᠭᠡᠴᠡᠯᠡᠯᠲᠡ ᠪᠠᠨ ᠴᠢᠩᠭ᠎ᠠ ᠠᠩᠬᠠᠷᠴᠤ᠂ ᠡᠯ᠎ᠡ ᠵᠦᠢᠯ ᠤᠨ ᠠᠵᠢᠯ ᠢᠶᠠᠨ ᠪᠣᠳᠠᠲᠠᠶ ᠪᠠᠷ ᠬᠢᠵᠦ᠂ ᠤᠷᠤᠭᠰᠢᠯᠠᠭᠤᠯᠬᠤ ᠬᠡᠷᠡᠭᠲᠡᠶ᠃ ᠠᠷᠪᠢᠯᠠᠨ ᠭᠠᠮᠨᠠᠬᠤ ᠦᠵᠡᠯ ᠤᠬᠠᠮᠰᠠᠷ ᠢᠶᠠᠨ ᠴᠢᠩᠭᠠᠳᠬᠠᠵᠤ᠂ ᠨᠡᠭᠡᠭᠡᠯᠳᠡ ᠶᠢᠨ ᠣᠷᠣᠨ ᠤ ᠰᠤᠯᠠ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠤᠨ ᠰᠠᠭᠤᠷᠢ ᠪᠠᠨ ᠶᠡᠬᠡᠪᠡᠷ ᠡᠬᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠬᠦᠷᠢᠶᠡᠯᠡᠩ ᠲᠣᠭᠤᠷᠢᠭ ᠤᠨ ᠤᠰᠤ ᠴᠠᠬᠢᠯᠭᠠᠨ ᠵᠠᠮ ᠬᠡᠢ᠂ ᠢᠵᠢ ᠪᠦᠷᠢᠳᠦᠭᠰᠡᠨ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ᠂ ᠲᠠᠲᠠᠬᠤ ᠬᠦᠴᠦᠨ ᠪᠠ ᠦᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ︽ᠪᠢ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠡᠷᠢᠬᠦ︾ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠠᠵᠤ ᠠᠬᠤᠶᠢᠯᠠᠯ ᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号