ᠲᠦᠷᠦᠭᠦᠤ 8 ᠰᠠᠷ᠎ᠠ ᠳᠤ ᠪᠥᠬᠦ ᠬᠤᠲᠠ ᠶᠢᠨ ᠡᠳ᠋ ᠤᠨ ᠵᠠᠰᠠᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠢᠭᠡᠨᠲᠡ ᠨᠢᠳᠤᠨᠤᠨ ᠤ ᠪᠥᠬᠦ ᠵᠢᠯ ᠤᠨ ᠬᠢᠨ ᠠᠴᠠ ᠲᠠᠪᠠᠪᠠ
ᠨᠡᠶᠢᠲᠡᠯᠡᠭᠰᠡᠨ ᠴᠠᠭ᠄
2022/9/20
     ᠰᠤᠷᠪᠤᠯᠵᠢᠯᠠᠭᠴᠢ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠠᠴᠠ ᠣᠶᠢᠯᠠᠭᠠᠭᠰᠠᠨ ᠢᠶᠠᠷ᠂ 1 — 8 ᠰᠠᠷ᠎ᠠ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 64.24 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠲᠥᠰᠦᠪ ︵67.76 ᠳ᠋ᠦᠩᠰᠢᠭᠤᠷ ᠲᠥᠭᠦᠷᠢᠭ︶ ᠤᠨ 94.8% ᠶᠢ ᠪᠡᠶᠡᠯᠡᠭᠦᠯᠵᠦ᠂ ᠨᠢᠳᠤᠨᠤᠨ ᠤ ᠪᠥᠬᠦ ᠵᠢᠯ ᠤᠨ ᠣᠷᠣᠯᠭ᠎ᠠ ︵63.33 ᠳ᠋ᠦᠩᠰᠢᠭᠤᠷ ᠲᠥᠭᠦᠷᠢᠭ︶  ᠠᠴᠠ 0.91 ᠳ᠋ᠦᠩᠰᠢᠭᠤᠷ ᠲᠥᠭᠦᠷᠢᠭ ᠳᠠᠪᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 16.36 ᠳ᠋ᠦᠩᠰᠢᠭᠤᠷ ᠲᠥᠭᠦᠷᠢᠭ ᠨᠡᠮᠡᠭᠳᠡᠨ᠂ 34.2% ︵ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠭᠠᠶᠢᠯᠢ ᠶᠢ ᠪᠤᠴᠠᠭᠠᠬᠤ ᠬᠦᠴᠦᠨ ᠵᠦᠢᠯ ᠢ ᠬᠠᠰᠤᠵᠤ ᠭᠠᠷᠭᠠᠪᠠᠯ᠂ ᠠᠳᠠᠯᠢ ᠪᠠᠷᠢᠮᠵᠢᠶ᠎ᠠ ᠪᠠᠷ 42.7% ᠪᠠᠷ ᠨᠡᠮᠡᠭᠳᠡᠪᠡ︶ ᠨᠡᠮᠡᠭᠳᠡᠵᠦ᠂ ᠪᠠᠶᠢᠭᠠᠯᠢ ᠶᠢᠨ ᠪᠠᠷᠢᠮᠵᠢᠶ᠎ᠠ ᠪᠠ ᠠᠳᠠᠯᠢ ᠪᠠᠷᠢᠮᠵᠢᠶ᠎ᠠ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 2.5 ᠪᠠ 0.5 ᠵᠠᠭᠤᠨ ᠤ ᠨᠢᠭᠡᠴᠢ ᠥᠨᠳᠥᠷ ᠪᠠᠶᠢᠵᠤ᠂ ᠴᠥᠮ ᠪᠥᠬᠦ ᠣᠷᠣᠨ ᠳᠤ 2 ᠳ᠋ᠤᠭᠠᠷ ᠲᠤ ᠵᠢᠭᠰᠠᠭᠠᠭᠳᠠᠵᠠᠶ᠃      1 — 8 ᠰᠠᠷ᠎ᠠ ᠳᠤ᠂ ᠪᠥᠬᠦ ᠬᠤᠲᠠ ᠶᠢᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ᠂ ᠬᠤᠲᠠ ᠬᠥᠳᠡᠭᠡ ᠨᠡᠶᠢᠭᠡᠮ ᠲᠣᠭᠤᠷᠢᠭ᠂ ᠲᠠᠷᠢᠶᠠᠯᠠᠩ ᠣᠶ ᠰᠢᠭᠤᠶ ᠤᠰᠤᠨ ᠠᠰᠢᠭᠯᠠᠯᠲᠠ᠂ ᠵᠠᠮ ᠲᠡᠭᠡᠭᠡᠪᠦᠷᠢ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ 71.3% ᠬᠦᠷᠴᠦ᠂ ᠶᠡᠷᠦᠩᠬᠡᠶ ᠳᠡᠭᠡᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠪᠥᠬᠦ ᠬᠤᠲᠠ ᠶᠢᠨ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠶᠢ ᠬᠦᠴᠦᠲᠡᠶ ᠲᠤᠯᠭᠠᠭᠤᠷᠢᠯᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ ᠮᠠᠨ ᠤ ᠬᠤᠲᠠ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ ᠂ ᠰᠢᠯᠵᠢᠭᠦᠯᠦᠨ ᠥᠭᠬᠦ᠂ ᠰᠢᠭᠤᠳ ᠬᠦᠷᠭᠡᠬᠦ ᠪᠡᠯᠡ ᠮᠥᠩᠭᠦ ᠪᠠ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠰᠢᠯᠵᠢᠭᠦᠯᠦᠨ ᠥᠭᠬᠦ ᠪᠠᠨ ᠲᠦᠷᠭᠡᠳᠬᠡᠵᠦ᠂ ᠳᠠᠷᠤᠭᠳᠠᠮᠠᠯ ᠪᠠᠯᠠ ᠮᠥᠩᠭᠦ ᠶᠢ ᠦᠨᠳᠦᠰᠦᠨ ᠵᠦᠢᠯ ᠳᠤ ᠣᠷᠣᠭᠤᠯᠬᠤ ᠲᠤᠰᠬᠠᠶ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠯ᠎ᠡ ᠱᠠᠲᠤ ᠡᠯ᠎ᠡ ᠨᠢᠭᠡᠴᠡ ᠶᠢᠨ ᠪᠠᠯᠠ ᠮᠥᠩᠭᠦ ᠶᠢᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠳᠠᠷᠤᠭᠳᠠᠮᠠᠯ ᠪᠠᠯᠠ ᠮᠥᠩᠭᠦ ᠶᠢ ᠪᠥᠬᠦ ᠲᠠᠯ᠎ᠠ ᠪᠠᠷ ᠢᠯᠭᠠᠷᠠᠭᠤᠯᠤᠨ ᠲᠤᠰᠢᠶᠠᠵᠤ᠂ ᠰᠤᠯᠠ ᠪᠠᠶᠢᠭ᠎ᠠ ᠢᠯᠡᠭᠦᠴᠡ ᠲᠠᠩᠰᠠᠨ ᠡᠷᠦᠬᠡ ᠶᠢ ᠢᠯᠭᠠᠷᠠᠭᠤᠯᠤᠨ ᠳᠢᠭᠯᠡᠵᠦ᠂ ᠪᠥᠬᠦ ᠲᠠᠯ᠎ᠠ ᠪᠠᠷ ᠦᠨᠳᠦᠰᠦᠨ ᠵᠦᠢᠯ ᠳᠤ ᠣᠷᠣᠭᠤᠯᠬᠤ ᠪᠠᠷ ᠪᠠᠷᠠᠬᠤ ᠥᠬᠡᠶ ᠪᠠᠰᠠ ︽ᠲᠣᠶᠢᠯᠪᠤᠷᠢᠳᠠᠢ ᠰᠢᠢᠳᠪᠦᠷᠢᠯᠡᠵᠦ︾᠂ 2023 ᠣᠨ ᠤ ᠲᠥᠰᠦᠪ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠳᠠᠷᠤᠭᠳᠠᠮᠠᠯ ᠪᠠᠯᠠ ᠮᠥᠩᠭᠦ ᠶᠢ ᠭᠠᠵᠠᠷ ᠣᠷᠣᠨ᠂ ᠰᠠᠯᠠᠭ᠎ᠠ ᠮᠥᠴᠢᠷ ᠠᠯᠤᠰᠯᠠᠨ ᠨᠢᠭᠡᠳᠦᠯᠲᠡᠶ ᠲᠥᠯᠥᠪᠯᠡᠨ ᠬᠡᠷᠡᠭᠯᠡᠵᠦ ᠠᠮᠢᠳᠤᠯᠢᠭ ᠪᠣᠯᠭᠠᠵᠤ᠂ ᠮᠠᠨ ᠤ ᠬᠤᠲᠠ ᠶᠢᠨ ᠳᠠᠷᠤᠭᠳᠠᠮᠠᠯ ᠪᠠᠯᠠ ᠮᠥᠩᠭᠦ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号