ᠮᠠᠨ ᠤ ᠬᠤᠲᠠ 2022 ᠣᠨ ᠤ ᠦᠬᠠᠶ ᠵᠢᠴᠢ ᠡᠷᠬᠢᠨ ᠲᠣᠭᠤᠷᠢᠨ ᠤ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/21
     9 ᠰᠠᠷ᠎ᠠ ᠶᠢᠨ 20 ᠤ ᠡᠳᠦᠷ᠂ 2022 ᠣᠨ ᠤ ᠦᠬᠠᠢ ᠵᠢᠴᠢ ᠡᠷᠬᠢᠨ ᠲᠣᠭᠤᠷᠢᠨ ᠤ ᠠᠶᠢᠮᠠᠭ ᠬᠤᠳᠠ ᠶᠢᠨ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠮᠠᠨ ᠤ ᠬᠤᠳᠠ ᠳᠤ ᠬᠤᠷᠠᠯᠳᠤᠪᠠ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠵᠡᠷᠭᠡ 3 ᠮᠥᠩᠭᠦᠨ ᠬᠦᠢᠯᠭᠡᠭᠡᠨ ᠤ ᠪᠠᠶᠢᠭᠤᠯᠤᠮᠵᠢ ᠲᠣᠰ ᠲᠣᠰ ᠰᠣᠶᠣᠯ ᠤᠨ ᠠᠵᠤ ᠦᠢᠯᠡᠰ᠂ ᠵᠢᠭᠤᠯᠴᠢᠯᠠᠯ ᠤᠨ ᠠᠵᠢᠯ ᠲᠥᠷᠥᠯ ᠤᠨ ᠪᠠᠯᠠ ᠲᠣᠬᠢᠷᠠᠭᠤᠯᠭ᠎ᠠ ᠶᠢᠨ ᠱᠠᠭᠠᠷᠳᠠᠯᠭ᠎ᠠ᠂ ᠮᠥᠩᠭᠦᠨ ᠬᠦᠢᠯᠭᠡᠭᠡᠨ ᠤ ᠦᠢᠯᠡᠳᠬᠦᠨ ᠪᠠ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠣᠯᠭᠠᠯᠴᠠᠭ᠎ᠠ ᠶᠢᠨ ᠪᠠᠶᠢᠳᠠᠯ ᠢᠶᠠᠨ ᠲᠠᠨᠢᠯᠴᠠᠭᠤᠯᠪᠠ᠃ ᠮᠠᠨ ᠤ ᠬᠤᠳᠠ ᠪᠣᠯᠤᠨ ᠡᠷᠬᠢᠨ ᠲᠣᠭᠤᠷᠢᠨ ᠤ ᠠᠶᠢᠮᠠᠭ ᠬᠤᠳᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠠᠴᠠ ᠦᠬᠠᠢ ᠶᠢᠨ ᠰᠠᠭᠤᠭᠳᠠᠯ · ᠬᠠᠳᠤᠨ ᠭᠤᠣᠯ ᠤᠨ ᠨᠡᠶᠢᠯᠡᠮᠡᠯ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ᠂ ᠠᠯᠠᠱᠠ ᠠᠶᠢᠮᠠᠭ ᠤᠨ ᠠᠯᠠᠱᠠ ᠠᠭᠤᠯᠠᠨ ᠤ ᠤᠢ ᠰᠢᠭᠤᠢ ᠶᠢᠨ ᠡᠷᠡᠭᠦᠯ ᠮᠡᠨᠳᠦ ᠶᠢ ᠬᠠᠮᠠᠭᠠᠯᠠᠬᠤ ᠲᠥᠪ ᠵᠡᠷᠭᠡ 12 ᠲᠦᠷᠦᠯ ᠵᠦᠢᠯ ᠤᠨ ᠦᠨᠳᠦᠰᠦᠨ ᠪᠠᠶᠢᠳᠠᠯ ᠵᠢᠴᠢ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠪᠠᠨ ᠲᠠᠨᠢᠯᠴᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠳᠤ ᠠᠩᠬ᠎ᠠ ᠠᠯᠬᠤᠮ ᠤᠨ ᠦᠨᠡᠯᠡᠯᠲᠡ ᠬᠢᠵᠦ᠂ ᠪᠠᠩᠬᠢ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠭᠦᠨᠵᠡᠭᠡᠢ ᠰᠣᠯᠢᠯᠴᠠᠪᠠ᠃      ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠪᠠᠩᠬᠢ ᠪᠣᠯᠤᠨ ᠠᠵᠤ ᠠᠬᠤᠶᠢᠯᠠᠯ ᠬᠠᠮᠲᠤᠷᠠᠯᠴᠠᠬᠤ ᠪᠣᠯ ᠰᠣᠶᠣᠯ ᠵᠢᠭᠤᠯᠴᠢᠯᠠᠯ ᠤᠨ ᠠᠵᠢᠯ ᠲᠦᠷᠦᠯ ᠤᠨ ᠰᠡᠷᠭᠦᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠣᠰ ᠤᠳᠠᠭᠠᠨ ᠤ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠨᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠶ ᠪᠠᠶᠢᠭᠤᠯᠵᠤ᠂ ᠪᠠᠯᠠ ᠮᠥᠩᠭᠦ ᠶᠢᠨ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢᠨ ᠨᠠᠩ ᠭᠦᠨᠵᠡᠭᠡᠶ ᠣᠶᠢᠯᠠᠭᠠᠬᠤ᠂ ᠨᠠᠩ ᠰᠢᠭᠤᠳ ᠰᠣᠯᠢᠯᠴᠠᠬᠤ ᠪᠠ ᠨᠠᠩ ᠥᠷᠭᠡᠨ ᠢᠶᠠᠷ ᠬᠠᠮᠲᠤᠷᠠᠯᠴᠠᠬᠤ ᠶᠢ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠵᠦᠶ ᠵᠣᠬᠢᠰᠲᠠᠶ ᠪᠠᠯᠠ ᠮᠥᠩᠭᠦ ᠶᠢᠨ ᠬᠡᠷᠡᠭᠴᠡᠭᠡ ᠶᠢ ᠬᠦᠢᠴᠡᠳ ᠪᠠᠲᠤᠯᠠᠨ᠂ ᠮᠠᠨ ᠤ ᠬᠤᠲᠠ ᠵᠢᠴᠢ ᠡᠷᠬᠢᠨ ᠲᠣᠭᠤᠷᠢᠨ ᠤ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号