ᠶᠠᠩ ᠶᠢᠨ ᠬᠠᠶᠢᠨᠠᠨ ᠲᠣᠭᠤᠷᠢᠭ ᠲᠤ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠬᠤ ᠶᠢᠨ ᠬᠠᠮᠲᠤ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/9/21
     9 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠬᠠᠶᠢᠨᠠᠨ ᠲᠣᠭᠤᠷᠢᠭ ᠲᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠬᠤ ᠶᠢᠨ ᠬᠠᠮᠲᠤ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ᠃ ᠤᠯᠤᠰ ᠤᠨ ᠮᠦᠬᠦᠲᠤ ᠡᠪᠡᠰᠦᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠲᠡᠷᠢᠭᠦᠨ ᠰᠢᠨᠵᠢᠯᠡᠬᠦ ᠤᠬᠠᠭᠠᠨᠲᠠᠨ ᠯᠢᠨ ᠵᠠᠨ ᠰᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠧᠩ ᠬᠠᠶ ᠵᠢᠶᠦ᠋ᠨ ᠲᠤᠭᠤᠷᠢᠨ ᠪᠠᠶᠢᠴᠠᠭᠠᠬᠤ ᠳᠤ ᠣᠷᠣᠯᠴᠠᠪᠡ᠃      ᠶᠠᠩ ᠶᠢᠨ ᠨᠡᠷ ᠤᠷᠢᠳ ᠬᠤᠵᠢᠳ ᠭᠤᠸᠠᠩ ᠵᠢᠦᠢ ᠰᠢᠨ᠎ᠡ ᠮᠠᠲ᠋ᠧᠷᠢᠶᠠᠯ ᠤᠨ ᠡᠵᠡᠮᠳᠡᠯ ᠤᠨ ᠲᠠᠰᠤᠭ᠂ ᠬᠤᠸᠠ ᠾᠧᠩ ᠡᠨᠧᠷᠭᠢ ᠶᠢᠨ ᠵᠠᠳᠠᠷᠠᠵᠤ ᠪᠣᠯᠬᠤ ᠰᠦᠯᠢᠶᠣᠣ ᠶᠢ ᠨᠢᠭᠡ ᠴᠤᠬᠴᠠᠵᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠶᠡᠷᠦᠩᠬᠡᠢ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠭᠡᠬᠦ ᠬᠤᠶᠠᠷ ᠶᠡᠭᠡ ᠠᠵᠤ ᠦᠢᠯᠡᠰ ᠤᠨ ᠰᠠᠭᠤᠷᠢᠨ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠳᠤᠤᠷᠠᠳᠤ ᠤᠷᠤᠰᠬᠠᠯ ᠲᠡᠰᠢ ᠤᠷᠲᠤᠳᠬᠠᠬᠤ ᠂ ᠦᠷᠳᠡᠭ ᠤᠨ ᠬᠡᠯᠬᠢᠶ᠎ᠡ ᠪᠠᠨ ᠳᠤᠮᠳᠠ ᠳᠡᠭᠡᠳᠦ ᠲᠦᠪᠰᠢᠨ ᠲᠡᠰᠢ ᠳᠡᠭᠡᠭᠰᠢᠯᠡᠭᠦᠯᠬᠦ ᠶᠢ ᠠᠬᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠪᠦᠷᠢᠯᠳᠦᠭᠦᠯᠬᠦ ᠬᠡᠷᠡᠭᠲᠡᠢ᠃ ᠠᠵᠤ ᠦᠢᠯᠡᠰ ᠤᠨ ᠲᠣᠭᠠᠴᠢᠯᠠᠭᠰᠠᠨ ᠥᠭᠡᠷᠡᠴᠢᠯᠡᠯᠲᠡ ᠪᠠᠨ ᠲᠦᠷᠭᠡᠳᠬᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠸᠠᠨ ᠮᠦ ᠲᠠᠨ ᠲᠣᠰᠬᠤᠨ ᠤ ᠬᠤᠵᠢᠷᠯᠢᠬ ᠭᠠᠵᠠᠷ ᠢ ᠰᠠᠶᠢᠵᠢᠷᠠᠭᠤᠯᠬᠤ ᠲᠦᠷᠦᠯ ᠵᠦᠢᠯ᠂ ᠬᠠᠳᠤᠨ ᠭᠤᠣᠯ ᠤᠨ ᠦᠬᠠᠢ ᠶᠢᠨ ᠬᠡᠰᠡᠭ ᠤᠨ ᠬᠠᠰᠢᠯᠭ᠎ᠠ ᠳᠠᠯᠠᠩ ᠢ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠪᠣᠯᠤᠨ ᠭᠤᠣᠯ ᠤᠨ ᠵᠠᠮ ᠢ ᠵᠠᠰᠠᠬᠤ ᠲᠦᠷᠦᠯ ᠵᠦᠢᠯ᠂ ᠰᠢᠩ ᠰᠢᠨ ᠲᠠᠷᠢᠶᠠᠯᠠᠩ ᠤᠨ ᠰᠠᠮ ᠬᠤᠷᠣᠬᠠᠢ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠶᠠᠩ ᠶᠢᠨ ᠲᠤᠬᠠᠢ ᠶᠢᠨ ᠭᠠᠵᠠᠷ ᠲᠤᠨᠢ ᠬᠤᠵᠢᠷᠯᠢᠬ ᠭᠠᠵᠠᠷ ᠢ ᠨᠡᠭᠡᠭᠡᠨ ᠠᠰᠢᠭᠯᠠᠬᠤ᠂ ᠬᠠᠳᠤᠨ ᠭᠤᠣᠯ ᠤᠨ ᠬᠠᠰᠢᠯᠭ᠎ᠠ ᠳᠠᠯᠠᠩ ᠤᠨ ᠬᠠᠵᠠᠭᠤ ᠶᠢᠨ ᠬᠠᠮᠠᠭᠠᠯᠠᠯᠲᠠ ᠶᠢᠨ ᠵᠠᠰᠠᠯᠲᠠ᠂ ᠰᠠᠮ ᠬᠤᠷᠣᠬᠠᠢ ᠲᠡᠵᠢᠭᠡᠨ ᠦᠷᠡᠵᠢᠭᠦᠯᠬᠦ ᠬᠡᠪᠴᠢᠶ᠎ᠡ ᠵᠡᠷᠭᠡ ᠪᠠᠶᠢᠳᠠᠯ ᠢ ᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠳᠤᠨ ᠭᠤᠣᠯ ᠤᠨ ᠦᠬᠠᠢ ᠶᠢᠨ ᠬᠡᠰᠡᠭ ᠤᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠃ ᠬᠤᠵᠢᠷᠯᠢᠬ ᠭᠠᠵᠠᠷ ᠢ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠨᠡᠩ ᠨᠠᠷᠢᠯᠢᠭ ᠨᠡᠩ ᠰᠢᠯᠢᠳᠡᠭ ᠨᠡᠩ ᠬᠦᠴᠦᠷᠭᠡᠭ ᠪᠤᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号