ᠬᠠᠶᠢᠷᠤᠪ ᠤᠨ ᠲᠣᠬᠤᠢ ᠲᠣᠭᠤᠷᠢᠭ ᠶᠢᠨ ᠢᠦᠢ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/9/22
     9 ᠰᠠᠷ᠎ᠠ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠬᠢᠨ ᠶᠢᠨ ᠢᠦᠢ ᠨᠡᠶᠢᠭᠡᠮ ᠲᠣᠭᠤᠷᠢᠭ ᠤᠨ ᠬᠠᠶᠢᠪᠸᠢ ᠪᠠᠭ᠎ᠠ ᠲᠣᠭᠤᠷᠢᠭ ᠤᠨ ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠳᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠬᠤᠲᠠ ᠲᠣᠭᠤᠷᠢᠭ ᠤᠨ ᠳᠣᠲᠣᠷᠠᠬᠢ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠤᠯᠠᠨ ᠲᠦᠮᠡᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠨᠡᠩ ᠴᠢᠨᠠᠭᠰᠢᠳᠠ ᠰᠠᠶᠢᠵᠢᠷᠠᠭᠤᠯᠪᠠ᠃      ᠬᠠᠶᠢᠪᠸᠢ ᠪᠠᠭ᠎ᠠ ᠲᠣᠭᠤᠷᠢᠭ ᠢ ᠬᠤᠶᠠᠷ ᠭᠡᠰᠡᠭ ᠬᠤᠪᠢᠶᠠᠵᠤ᠂ ᠬᠤᠶᠢᠲᠤ ᠲᠠᠯ᠎ᠠ ᠶᠢᠨ ᠲᠥᠪᠯᠡᠷᠡᠭᠰᠡᠨ ᠲᠣᠭᠤᠷᠢᠭ ᠲᠤ 610 ᠡᠷᠦᠬᠡ ᠰᠠᠭᠤᠭᠠᠯᠢ ᠠᠷᠠᠳ ᠲᠠᠢ᠂ ᠡᠮᠦᠨ᠎ᠡ ᠲᠠᠯ᠎ᠠ ᠶᠢᠨ ᠶᠡᠭᠡ ᠬᠦᠷᠢᠶᠡᠨ ᠤ ᠲᠣᠭᠤᠷᠢᠭ ᠲᠤ 82 ᠡᠷᠦᠬᠡ ᠪᠠᠶᠢᠵᠤ᠂ ᠨᠡᠶᠢᠲᠡ 692 ᠡᠷᠦᠬᠡ ᠪᠣᠶ᠃ ᠰᠢᠨ᠎ᠡ ᠪᠠᠷ ᠪᠠᠶᠢᠭᠤᠯᠤᠭᠰᠠᠨ ᠢᠯᠴᠢ ᠬᠠᠩᠭᠠᠬᠤ ᠬᠤᠭᠤᠯᠠᠢ ᠶᠢᠨ ᠲᠣᠣᠷ ᠲᠤ ᠥᠭᠡᠷᠡᠴᠢᠯᠡᠯᠲᠡ ᠬᠢᠵᠦ᠂ ᠰᠢᠨ᠎ᠡ ᠪᠠᠷ ᠨᠡᠮᠡᠭᠳᠡᠭᠦᠯᠦᠭᠰᠡᠨ ᠢᠯᠴᠢ ᠬᠠᠩᠭᠠᠬᠤ ᠲᠠᠯᠠᠪᠠᠶ ᠨᠢ ᠪᠠᠷᠤᠭ 6.92 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠪᠣᠬᠢᠷ ᠤᠰᠤᠨ ᠤ ᠬᠤᠭᠤᠯᠠᠢ ᠶᠢᠨ ᠲᠣᠣᠷ ᠢ 11 ᠺᠢᠯᠣᠮᠧᠲᠷ ᠥᠭᠡᠷᠡᠴᠢᠯᠡᠵᠦ᠂ ᠤᠰᠤ ᠬᠠᠩᠭᠠᠬᠤ ᠬᠤᠭᠤᠯᠠᠢ ᠶᠢᠨ ᠲᠣᠣᠷ ᠢ 12 ᠺᠢᠯᠣᠮᠧᠲᠷ ᠥᠭᠡᠷᠡᠴᠢᠯᠡᠵᠦ᠂ ᠭᠤᠳᠤᠮᠵᠢᠨ ᠵᠠᠮ ᠢ 1.2 ᠲᠦᠮᠡᠨ ᠲᠡᠭᠰᠢ ᠳᠥᠷᠪᠡᠯᠵᠢᠨ ᠮᠧᠲᠷ ᠵᠠᠰᠠᠪᠠ᠃      ᠲᠤᠰ ᠲᠦᠷᠦᠯ ᠵᠦᠢᠯ ᠢ 9 ᠰᠠᠷ᠎ᠠ ᠶᠢᠨ ᠡᠬᠢ ᠪᠠᠷ ᠡᠬᠢᠯᠡᠭᠦᠯᠵᠦ᠂ ᠣᠳᠣᠬᠠᠨ ᠳᠤ ᠨᠢᠭᠡᠨᠲᠡ 1100 ᠮᠧᠲᠷ ᠤᠰᠤ ᠲᠠᠲᠠᠷᠠᠭᠤᠯᠬᠤ ᠬᠤᠭᠤᠯᠠᠢ᠂ 1900 ᠮᠧᠲᠷ ᠳᠤᠯᠠᠭᠠᠯᠠᠭ᠎ᠠ ᠶᠢᠨ ᠬᠤᠭᠤᠯᠠᠢ᠂ 920 ᠮᠧᠲᠷ ᠤᠰᠤ ᠬᠠᠩᠭᠠᠬᠤ ᠬᠤᠭᠤᠯᠠᠢ ᠶᠢ ᠳᠡᠪᠢᠰᠴᠦ᠂ 11 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠲᠥᠯᠥᠪᠯᠡᠵᠦ ᠪᠤᠢ᠃ ᠲᠦᠷᠦᠯ ᠵᠦᠢᠯ ᠢ ᠬᠡᠷᠡᠭᠵᠢᠭᠦᠯᠬᠦ ᠨᠢ ᠬᠠᠶᠢᠪᠸᠢ ᠪᠠᠭ᠎ᠠ ᠲᠣᠭᠤᠷᠢᠭ ᠤᠨ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠬᠡᠮᠵᠢᠶ᠎ᠡ ᠶᠢ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号