ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠣᠭᠲᠣᠶ᠎ᠠ  ︽ᠮᠠᠨ ᠤ ᠰᠢᠨ᠎ᠡ ᠴᠠᠭ ᠦᠶ᠎ᠡ︾ ᠬᠡᠬᠦ ᠪᠥᠬᠦ ᠬᠤᠲᠠ ᠶᠢᠨ ᠬᠡᠷᠡᠯ ᠵᠢᠷᠤᠭ ᠤᠨ ᠪᠦᠲᠦᠭᠡᠯ ᠤᠨ ᠦᠵᠡᠬᠦᠯᠦᠯᠭᠡ ᠡᠬᠢᠯᠡᠪᠡ
ᠨᠡᠶᠢᠲᠡᠯᠡᠭᠰᠡᠨ ᠴᠠᠭ᠄
2022/9/22
     9 ᠰᠠᠷ᠎ᠠ ᠶᠢᠨ 20 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠣᠭᠲᠣᠶ᠎ᠠ   ︽ᠮᠠᠨ ᠤ ᠰᠢᠨ᠎ᠡ ᠴᠠᠭ ᠦᠶ᠎ᠡ︾ ᠬᠡᠬᠦ ᠪᠥᠬᠦ ᠬᠤᠲᠠ ᠶᠢᠨ ᠬᠡᠷᠡᠯ ᠵᠢᠷᠤᠭ ᠤᠨ ᠪᠦᠲᠦᠭᠡᠯ ᠤᠨ ᠦᠵᠡᠬᠦᠯᠦᠯᠭᠡ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ ᠦᠵᠡᠬᠦᠯᠦᠯᠭᠡ ᠳᠤ ᠣᠷᠣᠯᠴᠠᠵᠤ ᠪᠠᠶᠠᠷ ᠤᠨ ᠦᠭᠡ ᠬᠡᠯᠡᠵᠦ᠂ ᠬᠤᠲᠠ ᠶᠢᠨ ᠤᠳᠤᠷᠢᠳᠤᠯᠭ᠎ᠠ ᠰᠥᠩ ᠶᠤᠸᠠᠢ ᠰᠢᠶᠠ᠂ ᠴᠢᠶᠣᠤ ᠢᠦᠶ᠂ ᠦ᠋ ᠶᠧ ᠸᠧᠨ ᠦᠵᠡᠬᠦᠯᠦᠯᠭᠡ ᠳᠤ ᠣᠷᠣᠯᠴᠠᠪᠡ᠃      ᠮᠧᠩ ᠫᠸᠢ ᠶᠦᠨ ᠪᠠᠶᠠᠷ ᠤᠨ ᠦᠭᠡ ᠳᠡᠭᠡᠨ ᠭᠡᠯᠡᠭᠰᠡᠨ ᠨᠢ᠂ ᠪᠦᠬᠦ ᠬᠤᠳᠠ ᠶᠢᠨ ᠥᠷᠭᠡᠨ ᠤᠯᠠᠨ ᠭᠡᠷᠡᠯ ᠵᠢᠷᠤᠭ ᠤᠨ ᠪᠠᠭ᠋ᠠᠳᠠᠳ ᠰᠡᠭᠦᠳᠡᠷᠯᠡᠬᠦ ᠮᠠᠰᠢᠨ ᠤ ᠣᠨᠴᠠ ᠪᠢᠴᠢᠯᠭᠡ ᠪᠠᠨ ᠠᠭᠤᠤ ᠶᠡᠭᠡ ᠴᠠᠭ ᠦᠶ᠎ᠡ ᠳᠤ ᠲᠥᠪᠯᠡᠷᠡᠭᠦᠯᠵᠦ᠂ ᠵᠢᠷᠤᠭ ᠤᠨ ᠪᠦᠲᠦᠴᠡ ᠶᠢᠨ ᠭᠤᠣᠯᠳᠠᠯᠭ᠎ᠠ ᠪᠠᠨ ᠠᠷᠠᠳ ᠤᠯᠠᠨ ᠳᠤ ᠬᠠᠨᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭᠠᠨ ᠤ ᠴᠤᠭ ᠵᠢᠪᠬᠤᠭ᠎ᠠ᠂ ᠳᠤᠮᠳᠠᠳᠤ ᠶᠢᠨ ᠰᠣᠶᠣᠯ ᠤᠨ ᠭᠦᠨ ᠵᠤᠵᠠᠭᠠᠨ ᠴᠤᠭ ᠵᠢᠪᠬᠤᠭ᠎ᠠ᠂ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠵᠡᠭᠦᠳᠦ ᠪᠠᠨ ᠬᠥᠭᠡᠭᠡᠴᠡᠯᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠡᠮᠡᠴᠡᠯ ᠤᠨ ᠤᠯᠠ ᠮᠥᠷ ᠢ ᠵᠢᠷᠤᠭᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠣᠶᠣᠯ ᠤᠨ ᠰᠠᠭᠤᠷᠢ ᠶᠢ ᠤᠯᠠᠮ ᠴᠢᠨᠠᠭᠰᠢᠳᠠ ᠪᠠᠲᠤ ᠴᠤᠭᠴᠠᠯᠠᠬᠤ ᠶᠢ ᠬᠦᠰᠡᠵᠦ ᠪᠠᠶᠢᠨ᠎ᠠ ᠭᠡᠵᠡᠢ᠃      ᠲᠣᠰ ᠤᠳᠠᠭᠠᠨ ᠤ ᠬᠡᠷᠡᠯ ᠵᠢᠷᠤᠭ ᠤᠨ ᠪᠦᠲᠦᠭᠡᠯ ᠤᠨ ᠦᠵᠡᠭᠦᠯᠦᠯᠭᠡ ᠳᠤ ᠨᠡᠶᠢᠲᠡ 160 ᠬᠤᠪᠢ ᠲᠣᠰ ᠨᠤᠲᠤᠭ ᠤᠨ ᠡᠭᠦᠳᠦᠨ ᠪᠦᠲᠦᠭᠡᠭᠰᠡᠨ ᠬᠡᠷᠡᠯ ᠵᠢᠷᠤᠭ ᠤᠨ ᠪᠦᠲᠦᠭᠡᠯ ᠢ ᠳᠡᠯᠭᠡᠨ ᠦᠵᠡᠭᠦᠯᠪᠡ᠃ ᠭᠡᠷᠡᠯ ᠵᠢᠷᠤᠭ ᠤᠨ ᠪᠠᠭ᠋ᠠᠳᠠᠳ ᠵᠢᠵᠢᠭ ᠬᠡᠯᠪᠡᠷᠢ ᠪᠠᠷ ᠭᠤᠣᠯ ᠰᠡᠳᠦᠪ ᠢ ᠲᠤᠰᠬᠠᠵᠤ᠂ ᠵᠠᠷᠢᠮ ᠨᠢ ᠥᠩᠭᠡ ᠦᠵᠡᠮᠵᠢ ᠪᠠᠷ ᠰᠡᠳᠭᠢᠯ ᠢᠶᠠᠨ ᠢᠯᠡᠳᠭᠡᠵᠦ᠂ ᠵᠠᠷᠢᠮ ᠨᠢ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠤᠭ᠎ᠠ ᠶᠡᠭᠡ ᠬᠠᠶᠢᠨ ᠰᠥᠪᠡᠭᠴᠢᠯᠡᠯᠲᠡ᠂ ᠰᠦᠷᠯᠢᠭ ᠰᠠᠶᠢᠬᠠᠨ ᠰᠡᠭᠦᠳᠡᠷᠯᠡᠯᠲᠡ ᠪᠠᠶᠢᠬᠤ ᠪᠥᠭᠡᠳ ᠪᠠᠰᠠ ᠪᠣᠳᠠᠲᠤ ᠴᠣᠭᠴᠠ ᠶᠢᠨ ᠲᠠᠯ᠎ᠠ ᠪᠠᠷ ᠨᠠᠷᠢᠨ ᠲᠣᠳᠣᠷᠬᠠᠶ ᠢᠯᠡᠳᠬᠡᠬᠦ᠂ ᠬᠥᠮᠦᠨ ᠪᠠ ᠤᠴᠢᠷ ᠶᠠᠪᠤᠳᠠᠯ ᠤᠨ ᠲᠠᠯ᠎ᠠ ᠪᠠᠷ ᠬᠢ ᠲᠡᠮᠳᠡᠭᠯᠡᠯ ᠲᠠᠢ ᠪᠠᠶᠢᠵᠤ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠶᠢᠨ ᠰᠠᠶᠢᠬᠠᠨ ᠢᠷᠥᠭᠡᠯ ᠢ ᠬᠠᠷᠠᠭᠤᠯᠤᠭᠰᠠᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号