ᠪᠥᠬᠦ ᠬᠤᠲᠠ ᠶᠢᠨ ᠠᠰᠠᠭᠤᠳᠠᠯ ᠲᠠᠢ ᠠᠰᠠᠷ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/22
     9 ᠰᠠᠷ᠎ᠠ ᠶᠢᠨ 21 ᠤ ᠡᠳᠦᠷ᠂ ᠪᠥᠬᠦ ᠬᠤᠲᠠ ᠶᠢᠨ ᠠᠰᠠᠭᠤᠳᠠᠯ ᠲᠠᠢ ᠠᠰᠠᠷ ᠤᠨ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠳᠡᠳ᠋ ᠳᠠᠷᠤᠭ᠎ᠠ ᠮᠤᠤ ᠵᠧᠨ ᠬᠠᠢ᠂ ᠭᠦᠸᠧ ᠢ ᠵᠢᠶᠧ ᠬᠤᠷᠠᠯ ᠳᠤ ᠣᠷᠣᠯᠴᠠᠪᠠ᠃          ᠬᠤᠷᠠᠯ ᠳᠡᠭᠡᠷ᠎ᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ᠂ ᠤᠳᠠ ᠲᠣᠭᠤᠷᠢᠭ ᠤᠨ ᠬᠢᠨ ᠲᠣᠰ ᠲᠣᠰ ᠠᠰᠠᠭᠤᠳᠠᠯ ᠲᠠᠢ ᠠᠰᠠᠷ ᠢ ᠰᠢᠢᠳᠪᠦᠷᠢᠯᠡᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠶᠠᠩ ᠶᠢᠨ ᠬᠡᠯᠡᠭᠰᠡᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠲᠠᠢ ᠠᠰᠠᠷ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠵᠤ᠂ ᠪᠦᠬᠦ ᠬᠦᠴᠦᠨ ᠢᠶᠠᠷ ᠢᠶᠠᠨ ᠠᠰᠠᠭᠤᠳᠠᠯ ᠲᠠᠢ ᠠᠰᠠᠷ ᠢ ᠰᠢᠢᠳᠪᠦᠷᠢᠯᠡᠬᠦ ᠡᠨᠡᠬᠦ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠲᠤᠰᠬᠠᠢ ᠪᠠᠭ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ ᠲᠥᠰᠦᠯ ᠢᠶᠠᠨ ᠤᠯᠠᠮ ᠴᠢᠨᠠᠭᠰᠢᠳᠠ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢ ᠭᠦᠢᠴᠡᠳ ᠪᠦᠭᠡᠳ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠬᠦᠴᠦ ᠪᠠᠨ ᠲᠥᠪᠯᠡᠷᠡᠭᠦᠯᠦᠨ ᠲᠦᠷᠭᠡᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠲᠠᠢ ᠠᠰᠠᠷ ᠢ ᠲᠦᠷᠭᠡᠨ ᠰᠢᠢᠳᠪᠦᠷᠢᠯᠡᠬᠦ ᠶᠢ ᠠᠬᠢᠭᠤᠯᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠨᠲᠡ ᠲᠤᠰᠢᠶᠠᠭᠰᠠᠨ ᠠᠰᠠᠭᠤᠳᠠᠯ ᠲᠠᠢ ᠠᠰᠠᠷ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠵᠦ᠂ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠠᠷᠠᠳ ᠣᠯᠠᠨ ᠢ ︽ᠰᠠᠭᠤᠵᠤ ᠳᠡᠶᠢᠯᠬᠦ︾ ︽ᠠᠮᠤᠷ ᠰᠠᠭᠤᠬᠤ︾ ᠪᠣᠯᠭᠠᠬᠤ ᠬᠡᠷᠡᠭᠲᠡᠶ᠃ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠦᠷᠢᠮ ᠲᠣᠭᠲᠠᠴᠠ ᠪᠠᠨ ᠪᠦᠷᠢᠨᠰᠢᠬᠦᠯᠦᠨ᠂ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号