ᠬᠤᠶᠠᠷ ᠰᠠᠯᠠᠭ᠎ᠠ ᠮᠥᠴᠢᠷ ᠬᠠᠮᠲᠤᠷᠠᠨ ᠲᠦᠷᠭᠡᠨ ᠬᠦᠷᠭᠡᠯᠳᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ︽ᠭᠤᠷᠪᠠᠨ ᠵᠦᠢᠯ ᠤᠨ ᠲᠦᠷᠢᠮ︾ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/9/23
     ᠲᠦᠷᠭᠡᠨ ᠬᠦᠷᠭᠡᠯᠳᠡ ᠶᠢᠨ ᠠᠷᠭ᠎ᠠ ᠵᠠᠮ ᠪᠠ ᠲᠦᠷᠭᠡᠨ ᠬᠦᠷᠭᠡᠯᠳᠡ ᠶᠢᠨ ᠬᠡᠷᠡᠭᠯᠡᠭᠴᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠵᠤ᠂ ᠲᠦᠷᠭᠡᠨ ᠬᠦᠷᠭᠡᠯᠳᠡ ᠶᠢᠨ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤᠷᠠᠨ ᠲᠦᠷᠭᠡᠨ ᠬᠦᠷᠭᠡᠯᠳᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ︽ᠭᠤᠷᠪᠠᠨ ᠵᠦᠢᠯ ᠤᠨ ᠲᠦᠷᠢᠮ︾ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ᠃      ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠪᠥᠬᠦ ᠬᠤᠲᠠ ᠶᠢᠨ ᠡᠯ᠎ᠡ ᠲᠦᠷᠭᠡᠨ ᠬᠦᠷᠭᠡᠯᠳᠡ ᠶᠢᠨ ᠠᠵᠤ ᠠᠬᠤᠶᠢᠯᠠᠯ ᠤᠨ ᠶᠡᠷᠦᠩᠬᠡᠶ ᠬᠡᠯᠲᠡᠰ᠂ ᠢᠯᠭᠠᠯᠲᠠ ᠶᠢᠨ ᠲᠥᠪ᠂ ᠡᠵᠡᠩᠨᠡᠯᠲᠡ ᠶᠢᠨ ᠲᠣᠤᠷ ᠴᠢᠭ ᠵᠢᠴᠢ ᠲᠦᠷᠭᠡᠨ ᠬᠦᠷᠭᠡᠯᠲᠡ ᠶᠢᠨ ᠦᠵᠦᠭᠦᠷ ᠤᠨ ᠲᠣᠤᠷ ᠴᠡᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠤᠷᠢᠶᠠᠭᠰᠠᠨ ᠲᠦᠷᠭᠡᠨ ᠬᠦᠷᠭᠡᠯᠳᠡ ᠶᠢ ᠰᠢᠯᠭᠠᠨ ᠦᠵᠡᠬᠦ᠂ ᠦᠨᠡᠨ ᠨᠡᠷ᠎ᠡ ᠪᠠᠷ ᠢᠶᠠᠨ ᠬᠤᠷᠢᠶᠠᠨ ᠢᠯᠡᠭᠡᠬᠦ᠂ ᠮᠠᠰᠢᠨ ᠥᠩᠭᠡᠷᠡᠬᠦ ᠠᠮᠤᠷ ᠲᠦᠪᠰᠢᠨ ᠤ ᠪᠠᠶᠢᠴᠠᠭᠠᠯᠲᠠ ᠬᠢᠬᠦ ︽ᠭᠤᠷᠪᠠᠨ ᠵᠦᠢᠯ ᠤᠨ ᠲᠦᠷᠢᠮ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠤ ᠵᠡᠷᠭᠡ ᠳᠤ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠠᠴᠠ ᠡᠯ᠎ᠡ ᠲᠦᠷᠭᠡᠨ ᠬᠦᠷᠭᠡᠯᠳᠡ ᠶᠢᠨ ᠠᠵᠤ ᠠᠬᠤᠶᠢᠯᠠᠯ ᠤᠳ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠲᠡᠭᠡᠭᠰᠢᠯᠡᠬᠦᠯᠵᠦ᠂ ᠬᠠᠷᠢᠭᠤᠴᠠᠯᠭ᠎ᠠ ᠪᠠᠨ ᠪᠣᠳᠠᠲᠠᠶ ᠨᠠᠶᠢᠳᠠᠪᠤᠷᠢᠵᠢᠭᠤᠯᠵᠤ᠂ ᠲᠦᠷᠢᠮ ᠢ ᠪᠣᠳᠠᠲᠠᠶ ᠬᠡᠷᠡᠭᠵᠢᠭᠦᠯᠦᠨ᠂ ᠲᠦᠷᠭᠡᠨ ᠬᠦᠷᠭᠡᠯᠳᠡ ᠶᠢᠨ ᠵᠠᠮ ᠤᠨ ᠠᠮᠤᠷ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠫᠤᠤ ᠵᠡᠪᠰᠡᠭ ᠳᠡᠯᠪᠡᠷᠡᠯᠲᠡ ᠳᠤ ᠬᠤᠯᠪᠣᠭᠳᠠᠬᠤ᠂ ᠰᠦᠷᠳᠡᠭᠦᠯᠦᠯ ᠪᠠ ᠬᠠᠤᠯᠢ ᠪᠤᠰᠤ ᠬᠡᠷᠡᠭ ᠲᠤ ᠬᠤᠯᠪᠣᠭᠳᠠᠬᠤ᠂ ᠬᠤᠤᠷ ᠬᠥᠨᠥᠭᠡᠯ ᠪᠠ ᠠᠶᠤᠯ ᠲᠦᠭᠰᠢᠭᠦᠷᠢ ᠳᠤ ᠬᠤᠯᠪᠣᠭᠳᠠᠬᠤ᠂ ᠡᠷᠬᠡ ᠳᠤ ᠬᠠᠯᠳᠠᠵᠤ ᠬᠠᠭᠤᠷᠮᠠᠭᠯᠠᠬᠤ᠂ ᠬᠤᠤᠷ ᠬᠦᠨᠦᠭᠡᠯ ᠲᠠᠢ ᠡᠮ ᠤᠨ ᠵᠦᠢᠯ ᠳᠤ ᠬᠤᠯᠪᠤᠭᠳᠠᠬᠤ ᠵᠡᠷᠭᠡ ᠲᠦᠷᠭᠡᠨ ᠬᠦᠷᠭᠡᠯᠳᠡ ᠶᠢ ᠴᠠᠭᠠᠵᠠᠯᠠᠬᠤ ᠡᠳ᠋ ᠪᠣᠳᠠᠰ ᠢ ᠲᠦᠷᠭᠡᠨ ᠬᠦᠷᠭᠡᠯᠳᠡ ᠶᠢᠨ ᠵᠠᠮ ᠳᠤ ᠣᠷᠣᠭᠤᠯᠬᠤ ᠶᠢ ᠴᠢᠩᠭ᠎ᠠ ᠰᠡᠷᠭᠡᠶᠢᠯᠡᠵᠦ᠂ ᠲᠦᠷᠭᠡᠨ ᠬᠦᠷᠭᠡᠯᠳᠡ ᠶᠢᠨ ᠵᠠᠮ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠶ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠨ᠂ ︽ᠴᠢᠩᠭ᠎ᠠ︾ ᠪᠠᠶᠢᠬᠤ ᠳᠡᠭᠡᠷ᠎ᠡ ᠬᠦᠴᠦ ᠲᠠᠯᠪᠢᠵᠤ᠂ ︽ᠬᠠᠲᠠᠭᠤ︾ ᠪᠠᠶᠢᠬᠤ ᠳᠡᠭᠡᠷ᠎ᠡ ᠦᠷ᠎ᠡ ᠪᠦᠲᠦᠮᠵᠢ ᠭᠠᠷᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠪᠥᠭᠡᠳ ᠲᠣᠭᠲᠠᠭᠤᠨ ᠲᠦᠷᠭᠡᠨ ᠬᠦᠷᠭᠡᠯᠳᠡ ᠶᠢᠨ ᠣᠷᠴᠢᠨ ᠲᠤᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号