ᠪᠥᠬᠦ ᠬᠤᠲᠠ ᠶᠢᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/9/23
     ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠬᠤ ᠶᠢᠨ ᠲᠦᠯᠦᠭᠡ᠂ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠣᠷᠴᠢᠨ ᠲᠣᠭᠤᠷᠢᠨ ᠤ ᠢᠳᠡᠭᠡᠨ ᠤ ᠵᠦᠢᠯ ᠡᠮ ᠤᠨ ᠵᠦᠢᠯ ᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠵᠡᠷᠭᠡ ᠨᠢᠭᠡᠴᠡ ᠶᠢᠨ ᠬᠠᠮᠲᠤᠷᠠᠨ ᠥᠷᠨᠢᠭᠦᠯᠦᠭᠰᠡᠨ ︽ᠢᠳᠡᠭᠡᠨ ᠤ ᠠᠮᠤᠷ ᠲᠦᠪᠰᠢᠨ ᠤ ᠰᠢᠨ᠎ᠡ ᠬᠥᠭᠵᠢᠯᠲᠡ ᠶᠢ ᠬᠠᠮᠲᠤ ᠪᠠᠷ ᠡᠭᠦᠳᠴᠦ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤ ᠪᠠᠷ ᠡᠳ᠋ᠯᠡᠶ᠎ᠠ︾ ᠬᠡᠬᠦ 2022 ᠣᠨ ᠤ ᠪᠥᠬᠦ ᠬᠤᠲᠠ ᠶᠢᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠲᠦᠪᠯᠡᠷᠡᠬᠦᠯᠦᠨ ᠣᠬᠠᠭᠤᠯᠬᠤ ᠠᠵᠢᠯᠯᠠᠭ᠎ᠠ ᠡᠬᠢᠯᠡᠪᠡ᠃      ᠠᠵᠢᠯᠯᠠᠭ᠎ᠠ ᠶᠢᠨ ᠳᠤᠮᠳᠠ᠂ ᠡᠯ᠎ᠡ ᠰᠠᠯᠠᠭ᠎ᠠ ᠮᠥᠴᠢᠷ ᠨᠢᠭᠡᠴᠡ ᠡᠭᠦᠷᠭᠡᠯᠡᠵᠦ ᠪᠠᠶᠢᠭ᠎ᠠ ᠬᠤᠯᠪᠤᠭᠳᠠᠯ ᠪᠦᠬᠦᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠳᠡᠯᠭᠡᠨ ᠦᠵᠡᠭᠦᠯᠬᠦ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠵᠡᠷᠭᠡ ᠬᠠᠤᠯᠢ ᠲᠦᠷᠢᠮ ᠢ ᠣᠬᠠᠭᠤᠯᠤᠨ ᠲᠥᠭᠡᠮᠡᠯᠵᠢᠭᠦᠯᠵᠦ᠂ ᠠᠵᠢᠯᠲᠠᠳ ᠠᠴᠠ ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠤᠭᠤᠴᠠᠭ᠎ᠠ ᠲᠤᠯᠤᠭᠰᠠᠨ ᠢᠳᠡᠭᠡᠨ᠂ ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ᠂ ᠭᠧᠨ ᠰᠢᠯᠵᠢᠭᠦᠯᠦᠭᠰᠡᠨ ᠢᠳᠡᠭᠡᠨ᠂ ᠢᠳᠡᠭᠡᠨ ᠤ ᠨᠡᠮᠡᠯᠲᠡ ᠡᠳ᠋᠂ ᠰᠢᠮ᠎ᠡ ᠲᠡᠵᠢᠭᠡᠯ ᠤᠨ ᠱᠣᠰᠢᠭ᠎ᠠ ᠲᠡᠮᠳᠡᠭ᠂ ᠢᠳᠡᠭᠡᠨ ᠤ ᠪᠣᠭᠤᠳᠠᠯ᠂ ᠢᠳᠡᠭᠡᠨ ᠠᠴᠠ ᠢᠷᠡᠯᠲᠡ ᠲᠠᠢ ᠡᠪᠡᠳᠴᠢᠨ ᠵᠡᠷᠭᠡ ᠢᠳᠡᠭᠡᠨ ᠤ ᠠᠮᠤᠷ ᠲᠦᠪᠰᠢᠨ ᠤ ᠨᠡᠶᠢᠭᠡᠮ ᠤᠨ ᠬᠠᠯᠠᠭᠤᠨ ᠴᠢᠭ ᠤᠨ ᠠᠰᠠᠭᠤᠳᠠᠯ ᠳᠤ ᠬᠠᠷᠢᠭᠤᠯᠲᠠ ᠥᠭᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠣᠷ ᠲᠤ᠂ ᠠᠵᠢᠯᠲᠠᠳ ᠠᠴᠠ ᠣᠯᠠᠨ ᠲᠦᠮᠡᠨ ᠳᠤ ᠢᠳᠡᠭᠡᠨ ᠤ ᠵᠦᠢᠯ ᠤᠨ ᠬᠤᠤᠷ ᠬᠥᠨᠥᠭᠡᠯ ᠲᠠᠢ ᠪᠣᠳᠠᠰ ᠢ ᠭᠡᠷᠭᠢᠨ ᠲᠦᠷᠭᠡᠨ ᠰᠢᠯᠭᠠᠨ ᠪᠠᠶᠢᠴᠠᠭᠠᠬᠤ ᠶᠢ ᠲᠤᠷᠰᠢᠨ ᠦᠵᠡᠭᠦᠯᠪᠡ᠃      ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠬᠡᠷᠡᠭᠯᠡᠭᠡ ᠪᠠ ᠢᠳᠡᠭᠡᠨ ᠤᠮᠳᠠᠭᠠᠨ ᠤ ᠳᠠᠳᠬᠠᠯ ᠲᠠᠢ ᠪᠣᠯᠭᠠᠬᠤ ᠶᠢᠨ ᠬᠠᠮᠲᠤ ᠬᠠᠤᠯᠢ ᠴᠠᠭᠠᠵᠠ ᠶᠢ ᠬᠡᠷᠡᠭᠯᠡᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠭᠠᠵᠠᠶ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号