ᠮᠠᠨ ᠤ ᠬᠤᠲᠠ ᠬᠤᠲᠠ ᠶᠢᠨ ᠠᠵᠤ ᠦᠢᠯᠡᠰ ᠤᠨ ᠠᠵᠢᠯᠴᠢᠨ ᠤ ᠬᠥᠮᠦᠵᠢᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/9/26
     9 ᠰᠠᠷ᠎ᠠ ᠶᠢᠨ 24 ᠤ ᠡᠳᠦᠷ᠂ ᠬᠤᠳᠠ ᠶᠢᠨ ᠠᠵᠤ ᠦᠢᠯᠡᠰ ᠤᠨ ᠠᠵᠢᠯᠴᠢᠨ ᠤ ᠬᠥᠮᠦᠵᠢᠯ ᠤᠨ ᠰᠠᠭᠤᠷᠢᠨ ᠤ ᠫᠠᠶᠢᠰᠠ ᠰᠡᠬᠦᠬᠦ ᠶᠣᠰᠣᠯᠠᠯ ᠥᠪᠥᠷ ᠮᠣᠩᠭᠤᠯ ᠤᠨ ᠨᠡᠶᠢᠳᠡᠮ ᠬᠡᠷᠡᠭᠯᠡᠭᠡᠨ ᠤ ᠨᠢᠭᠡᠳᠦᠭᠡᠷ ᠮᠠᠰᠢᠨ ᠤ ᠦᠢᠯᠡᠳᠪᠦᠷᠢ ᠶᠢᠨ ᠬᠠᠭᠤᠴᠢᠨ ᠪᠠᠭᠤᠷᠢ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠵᠠᠩ ᠾᠦᠢ ᠢᠦᠢ ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃      ᠣᠶᠢᠷ᠎ᠠ ᠶᠢᠨ ᠵᠢᠯ ᠳᠤ᠂ ᠮᠠᠨ ᠤ ᠬᠤᠲᠠ ᠬᠤᠪᠢᠰᠬᠠᠯ ᠤᠨ ᠬᠥᠮᠦᠵᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠠᠵᠤ ᠦᠢᠯᠡᠰ ᠤᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠬᠤ᠂ ︽ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠭᠰᠠᠨ᠂ ᠬᠥᠮᠦᠵᠢᠭᠦᠯᠬᠦ᠂ ᠪᠣᠯᠪᠠᠰᠤᠷᠠᠭᠤᠯᠬᠤ᠂ ᠥᠷᠭᠡᠳᠬᠡᠬᠦ ᠬᠠᠷᠠᠯᠲᠠ ᠶᠢ ᠨᠢᠭᠡ ᠴᠤᠬᠴᠠᠵᠢᠭᠤᠯᠤᠬᠰᠠᠨ ᠠᠵᠤ ᠦᠢᠯᠡᠰ ᠤᠨ ᠠᠵᠢᠯᠴᠢᠨ ᠤ ᠬᠡᠪ ᠴᠢᠨᠠᠷ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠪᠠ  ᠃ ᠡᠨᠡ ᠣᠳᠠᠭᠠᠨ ᠤ ᠫᠠᠶᠢᠰᠠ ᠰᠡᠬᠦᠭᠰᠡᠨ ᠨᠢ ᠮᠠᠨ ᠤ ᠬᠤᠲᠠ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃      ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠵᠤ᠂ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢᠶᠠᠷ ᠬᠥᠲᠥᠯᠥᠨ ᠳᠠᠭᠠᠭᠤᠯᠬᠤ ᠲᠠᠪᠴᠠᠩ ᠪᠠ ᠠᠴᠢᠶᠠᠯᠠᠪᠤᠷᠢ ᠶᠢ ᠲᠡᠭᠦᠯᠳᠡᠷᠵᠢᠭᠦᠯᠬᠦ ᠶᠢᠨ ᠲᠥᠯᠥᠭᠡ᠂ ᠮᠠᠨ ᠤ ᠬᠤᠲᠠ ᠲᠣᠰ ᠤᠳᠠᠭᠠᠨ ᠤ ᠫᠠᠶᠢᠰᠠ ᠰᠡᠬᠦᠬᠦ ᠪᠠᠷ ᠠᠵᠠ ᠲᠣᠬᠢᠶᠠᠯ ᠪᠣᠯᠭᠠᠵᠤ᠂ ᠭᠠᠵᠠᠷ ᠣᠷᠣᠨ ᠤ ᠬᠤᠪᠢᠰᠬᠠᠯ ᠤᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ᠂ ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠲᠦᠷᠭᠡᠳᠬᠡᠨ ᠳᠡᠭᠡᠭᠰᠢᠯᠡᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠬᠦ ᠪᠤᠯᠤᠨ᠎ᠠ᠃      ᠫᠠᠶᠢᠰᠠ ᠰᠡᠬᠦᠬᠦ ᠶᠣᠰᠣᠯᠠᠯ ᠤᠨ ᠲᠠᠷᠠᠭ᠎ᠠ᠂ ᠵᠠᠩ ᠾᠦᠢ ᠢᠦᠢ ᠨᠡᠷ ᠥᠪᠥᠷ ᠮᠣᠩᠭᠤᠯ ᠤᠨ ᠨᠡᠶᠢᠳᠡᠮ ᠬᠡᠷᠡᠭᠯᠡᠭᠡᠨ ᠤ ᠨᠢᠭᠡᠳᠦᠭᠡᠷ ᠮᠠᠰᠢᠨ ᠤ ᠦᠢᠯᠡᠳᠪᠦᠷᠢ ᠶᠢᠨ ᠬᠠᠭᠤᠴᠢᠨ ᠪᠠᠭᠤᠷᠢ ᠶᠢ ᠲᠣᠭᠤᠷᠢᠨ ᠦᠵᠡᠵᠦ᠂ ᠮᠠᠨ ᠤ ᠬᠤᠳᠠ ᠶᠢᠨ ᠵᠢᠵᠢᠭ ᠭᠤᠷᠪᠠᠨ ᠱᠣᠭᠤᠮ ᠤᠨ ᠴᠡᠷᠢᠭ ᠤᠨ ᠠᠵᠤ ᠦᠢᠯᠡᠳᠪᠦᠷᠢ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠶᠠᠪᠤᠴᠠ ᠪᠣᠯᠤᠨ ᠬᠠᠮᠠᠭᠠᠯᠠᠯᠲᠠ ᠨᠡᠭᠡᠭᠡᠨ ᠬᠥᠭᠵᠢᠭᠦᠯᠦᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号