ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠬᠦᠯᠦᠯᠭᠡ ᠶᠢᠨ ᠠᠷᠠᠯᠵᠢᠶᠠᠨ ᠤ ᠴᠤᠭᠯᠠᠭᠠᠨ ᠤ ᠦᠬᠠᠢ ᠶᠢᠨ ᠬᠤᠪᠢᠶᠠᠷᠢ ᠲᠠᠯᠠᠪᠠᠢ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/26
     9 ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ ᠠᠴᠠ ᠭᠤᠣᠯᠯᠠᠨ ᠡᠷᠬᠢᠯᠡᠵᠦ᠂ ᠬᠤᠳᠠ ᠶᠢᠨ ᠰᠣᠶᠣᠯ ᠷᠠᠳᠢᠣ᠋ ᠲᠧᠯᠸᠢᠰ ᠤᠨ ᠦᠢᠯᠡᠰ ᠤᠨ ᠬᠦᠭᠵᠢᠬᠦᠯᠦᠯᠳᠡ ᠶᠢᠨ ᠲᠥᠪ ᠠᠴᠠ ᠳᠠᠭᠠᠭᠠᠴᠢᠯᠠᠨ ᠡᠷᠬᠢᠯᠡᠭᠰᠡᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠬᠦᠯᠦᠯᠭᠡ ᠶᠢᠨ ᠠᠷᠠᠯᠵᠢᠶᠠᠨ ᠤ ᠴᠤᠭᠯᠠᠭᠠᠨ ᠤ ᠦᠬᠠᠢ ᠶᠢᠨ ᠬᠤᠪᠢᠶᠠᠷᠢ ᠲᠠᠯᠠᠪᠠᠢ ︽ᠰᠣᠶᠣᠯ + ᠪᠣᠳᠠᠰ ᠤᠨ ᠪᠤᠰᠤ ᠰᠣᠶᠣᠯ ᠤᠨ ᠥᠪ︾ ᠭᠡᠬᠦ ᠭᠤᠣᠯ ᠰᠡᠳᠦᠪᠲᠦ ᠰᠦᠯᠵᠢᠶᠡᠨ ᠳᠡᠭᠡᠷᠡᠬᠢ ᠠᠵᠢᠯᠯᠠᠭ᠎ᠠ ᠥᠷᠨᠢᠭᠦᠯᠪᠡ᠃      ᠲᠤᠰ ᠤᠳᠠᠭᠠᠨ ᠤ ᠠᠵᠢᠯᠯᠠᠭ᠎ᠠ ᠶᠢ ᠰᠢᠭᠤᠳ ᠨᠡᠪᠲᠡᠷᠡᠭᠦᠯᠬᠦ ᠬᠡᠯᠪᠡᠷᠢ ᠪᠠᠷ ᠮᠠᠨ ᠤ ᠬᠤᠲᠠ ᠶᠢᠨ ᠡᠯᠭᠦᠮᠡᠯ ᠬᠡᠪᠢᠰ ᠨᠡᠬᠡᠬᠦ ᠣᠷᠠᠨ ᠲᠠᠷᠬᠠᠯᠠᠯ᠂ ᠰᠢᠷᠠᠮᠠᠯ ᠵᠢᠷᠤᠭ᠂ ᠴᠠᠭᠠᠰᠤᠨ ᠬᠠᠶᠢᠴᠢᠯᠠᠮᠠᠯ᠂ ᠪᠥᠰ ᠤᠷᠠᠯᠠᠯ᠂ ᠦᠯᠢᠶᠡᠮᠡᠯ ᠵᠡᠷᠭᠡ 5 ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠲᠥᠯᠥᠭᠡᠯᠡᠭᠴᠢ ᠪᠠ ᠦᠵᠦᠮ ᠤᠨ ᠠᠷᠢᠬᠢ ᠶᠢᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ᠂ ᠰᠦᠯᠵᠢᠶᠡᠨ ᠳᠡᠭᠡᠷᠡᠬᠢ ᠰᠣᠯᠢᠯᠴᠠᠭ᠎ᠠ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠣᠬᠤ᠂ ᠲᠥᠷᠥᠯ ᠵᠦᠢᠯ ᠤᠨ ᠲᠠᠨᠢᠯᠴᠠᠭᠤᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠲᠠ ᠶᠢᠨ ᠪᠣᠳᠠᠰ ᠤᠨ ᠪᠤᠰᠤ ᠰᠣᠶᠣᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ᠂ ᠰᠢᠨ᠎ᠡ ᠬᠢᠯᠠᠰ ᠴᠢᠭ ᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠶᠢᠨ ᠬᠠᠮᠲᠤ᠂ ᠣᠯᠠᠨ ᠢᠶᠠᠷ ᠢᠶᠠᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠬᠠᠮᠲᠤ ᠪᠠᠷ ᠠᠩᠬᠠᠷᠴᠤ᠂ ᠰᠣᠶᠣᠯ ᠤᠨ ᠪᠤᠰᠤ ᠰᠣᠶᠣᠯ ᠤᠨ ᠵᠠᠯᠭᠠᠮᠵᠢᠯᠠᠯ ᠳᠤ ᠬᠦᠴᠦᠨ ᠨᠡᠮᠡᠷᠢᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠬᠦ ᠶᠢ ᠤᠷᠢᠶᠠᠯᠠᠪᠠ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号