ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ  ᠤ 15 ᠳ᠋ᠤᠭᠠᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/26
     9 ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ 15 ᠳ᠋ᠤᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠵᠢᠷᠭᠤᠳᠤᠭᠠᠷ᠂ ᠬᠤᠷᠢᠨ ᠳᠣᠯᠣᠳᠤᠭᠠᠷ ᠣᠳᠠᠭᠠᠨ ᠤ ᠬᠤᠷᠠᠯ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠨ ᠨᠢᠭᠡᠳᠦᠭᠡᠷ ᠣᠳᠠᠭᠠᠨ ᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠤᠭᠳᠠᠯ ᠪᠦᠬᠦᠢ ᠠᠵᠢᠯ  ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠪᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠡᠳᠬᠢᠬᠦᠢ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠪᠠᠶᠢᠳᠠᠯ ᠢᠶᠠᠨ ᠬᠥᠭᠵᠢᠭᠡᠵᠦ᠂ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠢᠯ ᠢᠶᠠᠨ ᠵᠢᠯᠤᠭᠤᠲᠤᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠠᠯᠤᠰ ᠬᠡᠳᠦ ᠳᠤ ᠰᠠᠭᠤᠷᠢᠯᠠᠬᠤ᠂ ᠵᠣᠬᠢᠰᠲᠠᠢ ᠤᠷᠢᠳᠴᠢᠯᠠᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠤᠯᠠᠨ ᠬᠦᠷᠳᠦ ᠪᠠᠷ ᠬᠥᠳᠡᠯᠭᠡᠬᠦ᠂ ᠦᠷ᠎ᠡ ᠠᠰᠢᠭ ᠢ ᠴᠢᠬᠤᠯᠠᠴᠢᠯᠠᠬᠤ︾ ᠵᠠᠷᠴᠢᠮ ᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠤᠯᠠᠨ ᠡᠰᠢᠴᠢᠯᠡᠭᠰᠡᠨ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠪᠠᠨ ᠥᠷᠭᠡᠳᠬᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠰᠦᠨ ᠱᠤᠤ ᠴᠧᠩ ᠱᠦᠵᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠺᠠᠳ᠋ᠷ ᠤᠨ ᠬᠦᠯᠢᠶᠡᠰᠦ ᠶᠢ ᠦᠨᠡᠨᠬᠦ ᠰᠤᠯᠠᠷᠠᠭᠤᠯᠵᠤ᠂ ᠡᠯ᠎ᠡ ᠱᠠᠲᠤᠨ ᠤ ᠺᠠᠳ᠋ᠷ ᠤᠨ ᠤᠶᠤᠨ ᠴᠢᠳᠠᠯ ᠢ ᠠᠵᠢᠯ ᠬᠢᠵᠦ ᠦᠢᠯᠡᠰ ᠪᠤᠰᠬᠠᠬᠤ ᠳᠡᠭᠡᠷ᠎ᠡ ᠲᠥᠪᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠬᠤᠳᠠ ᠶᠢᠨ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠲᠣᠭᠲᠠᠴᠠ ᠪᠠᠨ ᠴᠢᠨᠠᠭᠰᠢᠳᠠ ᠲᠡᠭᠦᠯᠳᠡᠷᠵᠢᠭᠦᠯᠵᠦ᠂ ᠠᠵᠢᠯ ᠤᠨ ᠲᠤᠬᠢᠷᠠᠭᠤᠯᠤᠯᠳᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠴᠠᠭ ᠢ ᠠᠮᠵᠢᠵᠤ᠂ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠦᠨᠡᠨ ᠪᠣᠳᠠᠲᠠᠢ ᠪᠠᠷ ᠠᠬᠢᠭᠤᠯᠵᠤ᠂ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠬᠠᠶ ᠬᠤᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ︿ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠪᠠᠨ ᠲᠣᠭᠠᠴᠢᠬᠤ + ᠤᠯᠤᠰ ᠲᠥᠷᠥ ᠶᠢᠨ ᠶᠠᠷᠢᠯᠴᠠᠭ᠎ᠠ ᠬᠢᠬᠦ﹀ ᠠᠵᠢᠯ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠬᠢᠨᠠᠨ ᠶᠠᠷᠢᠯᠴᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号