ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/27
     9 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠮᠠᠨ ᠤ ᠬᠤᠳᠠ ᠳᠤ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠰᠢᠮᠳᠠᠭᠤᠯᠤᠨ ᠵᠢᠯᠣᠭᠤᠳᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ᠂ ᠤᠷᠳᠤᠰ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠾᠦᠢ ᠯᠢᠶᠠᠩ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠦᠩ ᠽᠧᠩ ᠨᠠᠷ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠦᠬᠠᠶ ᠬᠤᠲᠠ᠂ ᠣᠷᠳᠣᠰ ᠬᠤᠲᠠ᠂ ᠠᠯᠠᠱᠠ ᠠᠶᠢᠮᠠᠭ ᠵᠢᠴᠢ ︽ᠭᠤᠷᠪᠠᠨ ᠬᠤᠲᠠ ᠲᠣᠭᠤᠷᠢᠭ︾᠂ ︽ᠵᠢᠷᠭᠤᠭᠠᠨ ᠬᠦᠷᠢᠶᠡᠯᠡᠩ ᠲᠣᠭᠤᠷᠢᠭ︾ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢ ᠶᠢᠨ ᠫᠢᠩ ᠶᠡᠷᠦᠩᠬᠡᠢ ᠱᠦᠵᠢ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠳᠡᠢ︾ ᠬᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︽ᠪᠦᠬᠦᠯᠢ ᠴᠣᠭᠴᠠ ᠶᠢᠨ ᠳᠠᠶᠢᠯᠠᠯᠳᠤᠭᠠᠨ︾ ︽ᠬᠠᠮᠵᠢᠯᠴᠠᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠬᠦ ᠬᠡᠷᠡᠭᠲᠡᠢ᠃ ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ᠂ ᠬᠤᠳᠠ ᠶᠢᠨ ᠲᠣᠭᠤᠷᠢᠭ ᠣᠨᠴᠠᠭᠠᠶᠢᠯᠠᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ᠂ ᠠᠵᠤ ᠦᠢᠯᠡᠳᠪᠦᠷᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠵᠦᠷᠢᠶ᠎ᠡ ᠪᠠ ᠳᠤᠲᠠᠭᠤᠳᠠᠯ ᠢᠶᠠᠨ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠰᠢᠰᠲ᠋ᠧᠮ ᠲᠠᠢ ᠵᠠᠰᠠᠵᠤ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠮᠵᠢᠯᠴᠠᠨ ᠵᠠᠰᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠬᠢᠨᠠᠨ ᠰᠢᠯᠭᠠᠵᠤ ᠦᠨᠡᠯᠡᠬᠦ ᠪᠠᠨ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ᠂ ᠲᠩᠷᠢ ᠨᠢ ᠴᠡᠯᠮᠡᠭ ᠭᠠᠵᠠᠷ ᠨᠢ ᠴᠡᠪᠡᠷ ᠤᠰᠤ ᠨᠢ ᠲᠤᠩᠭᠠᠯᠠᠭ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠬᠡᠨ ᠪᠠᠶᠢᠭᠤᠯᠬᠤ ᠬᠡᠷᠡᠭᠲᠡᠢ ᠭᠡᠵᠡᠢ᠃      ᠶᠠᠩ ᠶᠢᠨ ᠢᠯᠡᠷᠭᠡᠶᠢᠯᠡᠭᠰᠡᠨ ᠨᠢ᠂ ᠪᠦᠬᠦ ᠬᠤᠲᠠ ᠪᠠᠷ ᠢᠶᠠᠨ ᠳᠠᠷᠤᠯᠲᠠ ᠦᠵᠡᠭᠦᠯᠦᠨ ᠡᠷᠡᠯᠬᠡᠭᠯᠡᠨ ᠤᠷᠤᠭᠰᠢᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠤᠯᠪᠣᠭᠠᠯᠠᠨ ᠬᠥᠳᠡᠯᠦᠯᠴᠡᠬᠦ ᠪᠠᠨ ᠨᠢᠭᠡᠳᠦᠯᠲᠡᠢ ᠲᠥᠯᠥᠪᠵᠢᠭᠦᠯᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡᠪᠡᠷ ᠵᠠᠰᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠳᠠ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠬᠠᠷᠢᠭᠤ ᠰᠤᠷᠪᠤᠯᠵᠢᠯᠠᠵᠤ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ᠂ ᠤᠯᠤᠰ ᠤᠨ ᠬᠠᠳᠤᠨ ᠭᠤᠣᠯ ᠤᠨ ᠰᠠᠪᠠ ᠭᠠᠵᠠᠷ ᠤᠨ ᠰᠡᠷᠡᠮᠵᠢ ᠶᠢᠨ ᠹᠢᠯᠢᠮ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠠᠷ ᠠᠵᠠ ᠲᠣᠬᠢᠶᠠᠯ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ︽ᠳᠤᠯᠤᠭ᠎ᠠ ᠶᠢ ᠵᠠᠰᠠᠬᠤ︾ ᠦᠷ᠎ᠡ ᠪᠦᠲᠦᠮᠵᠢ ᠪᠠᠨ ᠦᠷᠭᠦᠯᠵᠢᠯᠡᠨ ᠪᠠᠬᠢᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠬᠠᠢ ᠶᠢᠨ ᠬᠦᠴᠦᠨ ᠢᠶᠠᠨ ᠨᠡᠮᠡᠷᠢᠯᠡᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号