ᠴᠥᠭᠡᠨ ᠬᠤᠷᠠᠯᠳᠤᠵᠤ᠂ ᠢᠯᠡᠭᠦᠬᠡᠨ ᠪᠣᠳᠠᠲᠠᠢ ᠠᠵᠢᠯ ᠬᠢᠵᠦ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2022/9/28
     ᠥᠴᠥᠭᠡᠳᠦᠷ ᠦᠳᠡ ᠶᠢᠨ ᠡᠮᠦᠨ᠎ᠡ ᠬᠤᠷᠠᠯᠳᠤᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠢᠴᠢ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠨᠢ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠪᠦᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠶᠡᠭᠡ ᠬᠤᠷᠠᠯ ᠵᠡᠷᠭᠡ ᠭᠤᠷᠪᠠᠨ ᠬᠤᠷᠠᠯ ᠢ ᠨᠡᠶᠢᠯᠡᠭᠦᠯᠦᠨ ᠨᠢᠭᠡ ᠯᠡ ᠴᠠᠭ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ ᠬᠤᠷᠠᠯ ᠤᠨ ᠰᠤᠷᠲᠠᠯ ᠢ ᠬᠤᠪᠢᠷᠠᠭᠤᠯᠵᠤ᠂ ᠪᠡᠶ᠎ᠡ ᠪᠠᠷ ᠢᠶᠠᠨ ᠲᠦᠷᠦᠭᠦᠯᠡᠨ ᠬᠡᠪ ᠳᠦᠷᠢᠮ ᠪᠣᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ ︽ᠭᠤᠷᠪᠠᠨ ᠤᠯᠠᠨ᠂  ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠥᠭᠡᠨ ᠬᠤᠷᠠᠯ ᠬᠢᠬᠦ᠂ ᠤᠯᠠᠨ ᠠᠵᠢᠯ ᠬᠢᠬᠦ᠂ ᠦᠨᠡᠨ ᠪᠣᠳᠠᠲᠠᠢ ᠠᠵᠢᠯ ᠬᠢᠬᠦ᠂ ᠠᠵᠢᠯ ᠶᠠᠪᠤᠳᠠᠯ ᠪᠦᠲᠦᠭᠡᠬᠦ ᠢᠯᠡ ᠲᠣᠳᠣ ᠤᠳᠤᠷᠢᠳᠤᠮᠵᠢ ᠶᠢ ᠦᠷᠭᠦᠯᠵᠢᠯᠡᠨ ᠤᠯᠠᠮᠵᠢᠯᠠᠪᠠ᠃      ᠬᠡᠯᠪᠡᠷᠢᠴᠢ ᠦᠵᠡᠯ ᠪᠣᠯᠣᠨ ᠨᠣᠶᠠᠨᠴᠢ ᠰᠤᠷᠲᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠵᠢᠭᠠᠨ ᠭᠠᠷᠭᠠᠭᠰᠠᠨ ᠨᠢ᠂ ᠤᠳᠤᠷᠢᠳᠬᠤ ᠪᠠᠶᠢᠭᠤᠯᠤᠯᠭ᠎ᠠ ᠪᠣᠯᠣᠨ ᠤᠳᠤᠷᠢᠳᠬᠤ ᠺᠠᠳ᠋ᠷ ᠠᠴᠠ ᠡᠬᠢᠯᠡᠨ ᠬᠢᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠡᠢ᠃ ︽ᠭᠤᠷᠪᠠᠨ ᠠᠷᠪᠢᠨ︾ ᠤ ᠳᠣᠲᠣᠷᠠᠬᠢ ︽ᠨᠢᠭᠡ ᠠᠷᠪᠢᠨ︾ ᠭᠡᠳᠡᠭ  ᠨᠢ ᠳᠠᠷᠤᠢ ᠬᠤᠷᠠᠯ ᠠᠷᠪᠢᠨ ᠢ ᠬᠡᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠵᠢᠭᠠᠵᠤ ᠭᠠᠷᠭᠠᠭᠰᠠᠨ ᠨᠢ᠂ ᠮᠠᠰᠢ ᠤᠯᠠᠨ ᠤᠳᠤᠷᠢᠳᠬᠤ ᠺᠠᠳ᠋ᠷ ᠬᠤᠷᠠᠯ ᠬᠢᠬᠦ ᠦᠭᠡᠢ ᠪᠣᠯ ᠬᠤᠷᠠᠯ ᠬᠢᠬᠦ ᠵᠠᠮ ᠳᠠᠭᠠᠨ ᠪᠠᠶᠢᠵᠤ᠂ ᠮᠠᠰᠢ ᠤᠯᠠᠨ ᠬᠤᠷᠠᠯ ᠤᠨ ᠬᠡᠪᠴᠢᠶ᠎ᠡ ᠶᠡᠭᠡ ᠬᠦᠮᠦᠨ ᠣᠯᠠᠨ᠂ ᠶᠠᠰᠤ ᠴᠢᠨᠠᠷ ᠢᠶᠠᠷ ᠪᠠᠷᠤᠭᠲᠠᠢ ᠪᠠᠶᠢᠵᠤ᠂ ᠴᠠᠭ ᠪᠠ ᠬᠥᠮᠥᠨ ᠤ ᠬᠦᠴᠦᠨ ᠢ ᠬᠦᠨᠳᠦ ᠨᠣᠴᠢᠲᠠᠢ ᠰᠦᠢᠳᠬᠡᠵᠦ ᠪᠠᠶᠢᠨ᠎ᠠ ᠭᠡᠵᠡᠢ      ︽ᠭᠤᠷᠪᠠᠨ ᠬᠤᠷᠠᠯ︾ ᠢ ᠨᠢᠭᠡᠳᠬᠡᠬᠦ ᠪᠣᠯ ᠪᠠᠰᠠ ᠨᠢᠭᠡᠨ ᠤᠳᠠᠭᠠᠨ ᠤ ᠠᠵᠢᠯ ᠤᠨ ᠰᠤᠷᠲᠠᠯ ᠢ ᠬᠤᠪᠢᠷᠠᠭᠤᠯᠬᠤ ᠳᠠᠶᠢᠴᠢᠯᠠᠯᠲᠠ ᠶᠢᠨ ᠵᠠᠷᠯᠢᠭ ᠮᠥᠨ᠃ ᠬᠤᠷᠠᠯ ᠬᠢᠬᠦ ᠳᠡᠭᠡᠨ ᠴᠢᠨᠠᠷ ᠰᠠᠶᠢᠲᠠᠢ ᠬᠤᠷᠠᠯ ᠬᠢᠵᠦ᠂ ᠭᠦᠢᠴᠡᠳ ᠪᠡᠯᠡᠳᠬᠡᠯ ᠲᠠᠢ ᠬᠤᠷᠠᠯ ᠢ ᠬᠢᠬᠦ ᠬᠡᠷᠡᠭᠲᠡᠢ᠃ ᠬᠡᠷᠡᠭ ᠶᠠᠪᠤᠳᠠᠯ ᠢ ᠵᠥᠪᠯᠡᠭᠡᠳ ᠤᠴᠢᠷ ᠶᠠᠪᠤᠳᠠᠯ ᠢ ᠨᠢ ᠲᠣᠭᠲᠠᠭᠠᠬᠤ ᠦᠭᠡᠢ ᠲᠡᠶᠢᠮᠦ ᠬᠤᠷᠠᠯ ᠢ ᠠᠯᠢ ᠪᠣᠯᠬᠤ ᠪᠠᠷ ᠴᠥᠭᠡᠨ ᠬᠤᠷᠠᠯᠳᠤᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠦᠭᠡᠢ ᠲᠡᠶᠢᠮᠦ ᠬᠤᠷᠠᠯ ᠢ ᠬᠢᠬᠦ ᠦᠭᠡᠢ ᠳᠤ ᠪᠣᠯᠪᠠᠯ ᠬᠢᠬᠦ ᠦᠭᠡᠢ ᠪᠠᠶᠢᠬᠤ ᠬᠡᠷᠡᠭᠲᠡᠢ᠃ ︽ᠬᠤᠷᠠᠯ ᠤᠨ ᠲᠠᠯᠠᠢ ᠶᠢ ᠳᠦᠭᠦᠷᠭᠡᠬᠦ︾ ᠭᠡᠳᠡᠭ ᠨᠢ ᠳᠠᠷᠤᠢ ᠬᠤᠷᠠᠯ ᠳᠤ ᠣᠷᠤᠯᠴᠠᠬᠤ᠂ ᠪᠠᠷ᠎ᠠ ᠪᠤᠯᠵᠤ ᠰᠠᠭᠤᠬᠤ ᠬᠤᠷᠠᠯ᠂ ᠳᠠᠷᠤᠢ ᠰᠠᠭᠤᠵᠤ ᠪᠠᠶᠢᠭᠠᠳ ᠶᠣᠰᠣ ᠶᠠᠷᠢᠬᠤ᠂ ᠶᠠᠷᠢᠯᠴᠠᠭᠠᠳ ᠰᠢᠢᠳᠪᠦᠷᠢ ᠭᠠᠷᠭᠠᠬᠤ ᠦᠭᠡᠢ ᠬᠤᠷᠠᠯ ᠢᠶᠠᠷ ᠳᠦᠭᠦᠷᠭᠡᠵᠦ᠂ ᠵᠠᠷᠢᠮ ᠤᠳᠤᠷᠢᠳᠬᠤ ᠺᠠᠳ᠋ᠷᠴᠤᠳ ᠤᠨ ᠦᠬᠡᠨᠴᠡ ᠵᠠᠰᠠᠭ᠂ ᠵᠠᠯᠬᠠᠭᠤ ᠵᠠᠰᠠᠭ ᠢ ᠴᠡᠭᠴᠡᠯᠡᠨ ᠵᠠᠰᠠᠬᠤ ᠶᠢ ᠵᠢᠭᠠᠵᠤ ᠪᠠᠶᠢᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠴᠢᠬᠤᠯᠠ ᠪᠤᠰᠤ ᠠᠵᠢᠯᠯᠠᠭ᠎ᠠ ᠶᠢᠨ ᠳᠤᠮᠳᠠ ᠠᠴᠠ ᠰᠠᠯᠵᠤ᠂ ᠰᠡᠳᠬᠢᠯ ᠢᠶᠠᠨ ᠲᠠᠢᠪᠤᠰᠢᠷᠠᠭᠤᠯᠵᠤ᠂ ᠬᠠᠷᠢᠭᠤᠴᠠᠯᠭ᠎ᠠ ᠪᠠᠨ ᠡᠭᠦᠷᠭᠡᠯᠡᠵᠦ᠂ ᠴᠠᠭ ᠬᠤᠭᠤᠴᠠᠭ᠎ᠠ ᠪᠠ ᠤᠶᠤᠨ ᠴᠢᠳᠠᠯ ᠢᠶᠠᠨ ᠭᠤᠣᠯᠳᠠᠭᠤ ᠠᠰᠠᠭᠤᠳᠠᠯ ᠢ ᠰᠢᠢᠳᠪᠦᠷᠢᠯᠡᠬᠦ ᠪᠠ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠠᠯᠪᠢᠵᠤ᠂ ᠬᠡᠯᠪᠡᠷᠢᠴᠢ ᠦᠵᠡᠯ ᠢ ᠦᠨᠡᠨ ᠪᠣᠳᠠᠲᠠᠢ ᠪᠠᠷ ᠴᠡᠭᠴᠡᠯᠡᠨ ᠵᠠᠰᠠᠵᠤ᠂ ᠰᠤᠷᠲᠠᠯ ᠢᠶᠠᠷ ᠨᠠᠮᠴᠢ ᠴᠢᠨᠠᠷ ᠢᠶᠠᠨ ᠴᠢᠩᠭᠠᠳᠬᠠᠵᠤ᠂ ᠰᠤᠷᠲᠠᠯ ᠢᠶᠠᠷ ᠬᠥᠭᠵᠢᠯᠲᠡ ᠶᠢ ᠲᠠᠶᠢᠴᠢᠯᠠᠵᠤ᠂ ᠰᠤᠷᠲᠠᠯ ᠢᠶᠠᠷ ᠳᠦᠷᠢ ᠲᠥᠷᠬᠦ ᠶᠢ ᠪᠤᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ ᠡᠷᠴᠢ ᠵᠣᠷᠢᠭ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号