ᠤᠳᠠ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/5
     ᠣᠶᠢᠷ᠎ᠠ ᠳᠤ᠂ ᠤᠳᠠ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠪᠠ ᠥᠪᠥᠷ ᠮᠣᠩᠭᠤᠯ ᠤᠨ ᠰᠢᠩ ᠹᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤᠷᠠᠨ ︽ᠰᠢᠯᠢᠳᠡᠭ ᠭᠡᠷ ᠤᠨ ᠰᠤᠷᠲᠠᠯ ᠢ ᠤᠯᠠᠮᠵᠢᠯᠠᠨ᠂ ᠠᠷᠢᠭᠤᠨ ᠴᠢᠬᠡᠴᠢ ᠭᠡᠷ ᠪᠦᠯᠢ ᠶᠢ ᠪᠦᠲᠦᠭᠡᠨ ᠪᠠᠶᠢᠭᠤᠯᠬᠤ︾ ᠠᠷᠢᠭᠤᠨ ᠴᠢᠬᠡᠴᠢ ᠰᠣᠶᠣᠯ ᠢ ᠭᠡᠷ ᠪᠦᠯᠢ ᠳᠤ ᠣᠷᠣᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠡᠷᠬᠢᠯᠡᠪᠡ᠂ 40 ᠭᠠᠷᠤᠢ ᠭᠡᠷ ᠪᠦᠯᠢ ᠲᠣᠰ ᠠᠵᠢᠯᠯᠠᠭ᠎ᠠ ᠳᠤ ᠣᠷᠣᠯᠴᠠᠵᠠᠢ᠃ ᠠᠵᠢᠯᠯᠠᠭ᠎ᠠ ᠶᠢᠨ ᠳᠤᠮᠳᠠ᠂ ᠣᠯᠠᠨ ᠢᠶᠠᠷ ᠢᠶᠠᠨ ︽ᠰᠢᠯᠢᠳᠡᠭ ᠭᠡᠷ ᠪᠦᠯᠢ ᠶᠢᠨ ᠰᠤᠷᠲᠠᠯ ᠢ ᠤᠯᠠᠮᠵᠢᠯᠠᠨ᠂ ᠠᠷᠢᠭᠤᠨ ᠴᠢᠬᠡᠴᠢ ᠭᠡᠷ ᠪᠦᠯᠢ ᠶᠢ ᠪᠦᠲᠦᠭᠡᠨ ᠪᠠᠶᠢᠭᠤᠯᠤᠶ᠎ᠠ︾ ᠭᠡᠬᠦ ᠰᠠᠨᠠᠭᠠᠴᠢᠯᠠᠭ᠎ᠠ ᠶᠢᠨ ᠪᠢᠴᠢᠭ ᠨᠡᠶᠢᠲᠡᠯᠡᠵᠦ᠂ ᠡᠯᠪᠡᠭ ᠪᠠᠶᠠᠯᠢᠭ ᠣᠯᠠᠨ ᠶᠠᠩᠵᠤ ᠶᠢᠨ ᠪᠦᠯᠬᠦᠮ ᠨᠡᠶᠢᠲᠡ ᠶᠢᠨ ᠰᠣᠨᠢᠷᠬᠠᠯ ᠤᠨ ᠲᠣᠭᠯᠠᠭᠠᠮ ᠲᠣᠬᠢᠷᠠᠭᠤᠯᠵᠤ᠂ ᠠᠷᠢᠭᠤᠨ ᠴᠢᠬᠡᠴᠢ ᠶᠢᠨ ᠬᠥᠮᠦᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号