︽ᠦᠬᠠᠶ ᠬᠤᠲᠠ ᠶᠢᠨ ︿ᠢᠳᠡᠰᠢᠨ ᠨᠣᠭᠤᠭ᠎ᠠ﹀ ᠶᠢᠨ ᠢᠨᠵᠧᠨᠧᠷᠢᠩ ᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/9/5
          ᠦᠬᠠᠶ ᠵᠠᠰᠠᠭ ᠠᠯᠪᠠᠨ ᠲᠠᠷᠬᠠᠭᠠᠭᠰᠠᠨ ︹ 2022 ︺14 ᠳ᠋ᠣᠭᠡᠷ ᠲᠣᠭᠠᠲᠤ      ︽ᠦᠬᠠᠶ ᠬᠤᠲᠠ ᠶᠢᠨ ︿ᠢᠳᠡᠰᠢᠨ ᠨᠣᠭᠤᠭ᠎ᠠ﹀ ᠶᠢᠨ ᠢᠨᠵᠧᠨᠧᠷᠢᠩ ᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ      ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠦᠬᠠᠶ ᠬᠤᠲᠠ ᠶᠢᠨ ︿ᠢᠳᠡᠰᠢᠨ ᠨᠣᠭᠤᠭ᠎ᠠ﹀ ᠶᠢᠨ ᠢᠨᠵᠧᠨᠧᠷᠢᠩ ᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                                           2022 ᠣᠨ ᠤ 5 ᠰᠠᠷ᠎ᠠ ᠶᠢᠨ 25 ᠤ ᠡᠳᠦᠷ                                           ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶         ᠦᠬᠠᠶ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ        ︽ᠢᠳᠡᠰᠢᠨ ᠨᠤᠭᠤᠭ᠎ᠠ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠦᠨᠡᠨᠬᠦ ᠪᠠᠲᠤᠯᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠳᠡᠰ ᠳᠡᠪᠰᠢᠬᠦ ᠬᠡᠷᠡᠭᠴᠡᠭᠡ ᠶᠢ ᠬᠠᠩᠭᠠᠬᠤ ᠶᠢᠨ ᠲᠦᠯᠦᠭᠡ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ︹2021︺1 ᠳ᠋ᠣᠭᠡᠷ ᠲᠣᠭᠠᠲᠤ︶ ︽︿ᠢᠳᠡᠰᠢᠨ ᠨᠣᠭᠤᠭ᠎ᠠ﹀ ᠶᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ︹2017︺1 ᠳ᠋ᠣᠭᠡᠷ ᠲᠣᠭᠠᠲᠤ︶ ᠪᠠ ︽︿ᠢᠳᠡᠰᠢᠨ ᠨᠣᠭᠤᠭ᠎ᠠ﹀ ᠶᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ︹2021︺59 ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠰᠠᠶᠢᠲᠤᠷ ᠵᠠᠮᠨᠠᠵᠤ᠂ ︽ᠢᠳᠡᠰᠢᠨ ᠨᠣᠭᠤᠭ᠎ᠠ︾ ᠶᠢᠨ ᠭᠤᠤᠯ ᠪᠣᠯᠬᠤ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ︽ᠦᠢᠯᠡᠳᠪᠦᠷᠢᠯᠡᠯ ᠢ ᠲᠣᠭᠲᠠᠭᠤᠨ ᠢᠶᠠᠷ ᠬᠥᠭᠵᠢᠭᠦᠯᠬᠦ᠂ ᠬᠦᠢᠯᠭᠡᠭᠡᠨ ᠤ ᠵᠠᠮ ᠱᠤᠭᠤᠮ ᠢ ᠰᠢᠯᠢᠳᠡᠭᠵᠢᠭᠦᠯᠬᠦ᠂ ᠶᠠᠰᠤ ᠴᠢᠨᠠᠷ ᠢ ᠠᠮᠤᠷ ᠲᠦᠪᠰᠢᠨ ᠨᠠᠶᠢᠳᠠᠪᠤᠷᠢᠲᠠᠶ ᠪᠠᠶᠢᠯᠭᠠᠬᠤ︾ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠶᠢᠨ ᠠᠷᠠᠳ ᠤᠨ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠨᠤᠮᠵᠢ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃      ᠬᠤᠶᠠᠷ᠂ ᠭᠤᠣᠯ ᠬᠠᠷᠠᠯᠲᠠ      2025 ᠣᠨ ᠪᠣᠯᠬᠤ ᠳᠤ᠂ ᠪᠥᠬᠦ ᠬᠤᠲᠠ ᠶᠢᠨ ᠢᠳᠡᠰᠢᠨ ᠨᠣᠭᠤᠭ᠎ᠠ᠂ ᠮᠢᠬᠠᠨ ᠤ ᠵᠦᠢᠯ᠂ ᠵᠢᠭᠦᠷᠲᠡᠨ ᠤ ᠥᠨᠳᠡᠭᠡ ᠵᠡᠷᠭᠡ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠦᠢᠯᠭᠡᠭᠡᠨ ᠤ ᠴᠢᠳᠠᠪᠤᠷᠢ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ᠂ ᠲᠣᠬᠢᠷᠠᠭᠤᠯᠭ᠎ᠠ ᠡᠵᠡᠮᠳᠡᠯ ᠤᠨ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠨᠠᠩ ᠪᠦᠷᠢᠨᠰᠢᠬᠦᠯᠵᠦ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠥᠪᠡᠷ ᠢ ᠪᠠᠨ ᠬᠠᠩᠭᠠᠬᠤ ᠨᠣᠷᠮ᠎ᠠ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠣᠨ ᠤ ᠶᠡᠷᠦᠩᠬᠡᠶ ᠬᠢᠷᠢ ᠲᠡᠩᠴᠡᠭᠦ ᠨᠣᠷᠮ᠎ᠠ ᠪᠠᠨ 97% ᠠᠴᠠ ᠳᠡᠭᠡᠭᠰᠢ ᠳᠤ ᠪᠠᠶᠢᠯᠭᠠᠨ᠎ᠠ᠃       2025 ᠣᠨ ᠪᠣᠯᠬᠤ ᠳᠤ᠂ ᠪᠥᠬᠦ ᠬᠤᠲᠠ ᠶᠢᠨ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 1.3 ᠲᠦᠮᠡᠨ ᠮᠥ ᠣᠷᠴᠢᠮ ᠪᠣᠯᠲᠠᠯ᠎ᠠ ᠳᠡᠭᠡᠭᠰᠢᠯᠡᠭᠦᠯᠬᠦ ᠶᠢᠨ ᠬᠠᠮᠲᠤ ᠲᠣᠭᠲᠠᠪᠤᠷᠢᠵᠢᠭᠤᠯᠵᠤ᠂ ᠭᠠᠷᠤᠯᠲᠠ ᠪᠠᠨ 5 ᠲᠦᠮᠡᠨ ᠲᠣᠨ ᠣᠷᠴᠢᠮ ᠪᠤᠯᠭᠠᠨ᠎ᠠ᠃ ᠮᠢᠬᠠᠨ ᠤ ᠵᠦᠢᠯ ᠤᠨ ᠭᠠᠷᠤᠯᠲᠠ ᠪᠠᠨ ︽ᠢᠳᠡᠰᠢᠨ ᠨᠣᠭᠤᠭ᠎ᠠ︾ ᠶᠢᠨ ᠰᠢᠯᠭᠠᠨ ᠬᠢᠨᠠᠬᠤ ᠬᠦᠢᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠬᠦᠷᠭᠡᠨ᠎ᠡ᠃ ᠡᠭᠦᠨ ᠳᠤ᠂ 2022 ᠣᠨ ᠤ ᠢᠳᠡᠰᠢᠨ ᠨᠣᠭᠤᠭ᠎ᠠ ᠲᠠᠷᠢᠭᠰᠠᠨ ᠲᠠᠯᠠᠪᠠᠶ 1.1 ᠲᠦᠮᠡᠨ ᠮᠥ ᠳᠤ ᠬᠦᠷᠴᠦ᠂ 2021 ᠣᠨ ᠤ ᠬᠢ ᠠᠴᠠ 0.36 ᠲᠦᠮᠡᠨ ᠮᠥ ᠨᠡᠮᠡᠭᠳᠡᠨ᠂ ᠭᠠᠷᠤᠯᠲᠠ ᠨᠢ 4 ᠲᠦᠮᠡᠨ ᠲᠣᠨ ᠳᠤ ᠬᠦᠷᠴᠦ᠂ 2021 ᠣᠨ ᠤ ᠬᠢ ᠠᠴᠠ 1.2 ᠲᠦᠮᠡᠨ ᠲᠣᠨ ᠨᠡᠮᠡᠭᠳᠡᠪᠡ᠃ ᠮᠢᠬᠠᠨ ᠤ ᠵᠦᠢᠯ ᠤᠨ ᠭᠠᠷᠤᠯᠲᠠ ᠥᠪᠡᠷᠲᠡᠭᠡᠨ ᠵᠠᠰᠠᠬᠤ ᠣᠷᠣᠨ ᠤ ᠣᠨ ᠤ ᠰᠢᠯᠭᠠᠨ ᠬᠢᠨᠠᠬᠤ ᠱᠠᠭᠠᠷᠳᠠᠯᠭ᠎ᠠ ᠳᠤ ᠬᠦᠷᠪᠡ᠃      ᠭᠤᠷᠪᠠ᠂ ᠭᠤᠣᠯᠳᠠᠯᠭ᠎ᠠ ᠲᠠᠢ ᠠᠵᠢᠯ      ︵ᠨᠢᠭᠡ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠎ᠠ        1. ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠬᠡᠪᠴᠢᠶᠡᠵᠢᠭᠦᠯᠦᠨ ᠦᠢᠯᠡᠳᠪᠦᠷᠢᠯᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠣᠳᠣᠬᠢᠴᠢᠯᠠᠬᠤ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠵᠠᠷᠴᠢᠮ ᠶᠣᠰᠣᠭᠠᠷ᠂ ᠬᠥᠲᠥᠴᠢ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠳᠤ ᠲᠦᠰᠢᠭᠯᠡᠨ᠂ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠡᠬᠢ ᠪᠠᠶᠠᠯᠢᠭ ᠤᠨ ᠬᠦᠴᠦᠨ ᠵᠦᠢᠯ ᠢ ᠬᠤᠷᠠᠮᠳᠤᠭᠤᠯᠤᠨ᠂ ᠢᠳᠡᠰᠢᠨ ᠨᠣᠭᠤᠭ᠎ᠠ ᠶᠢᠨ ᠤᠨᠠᠯᠲᠠ ᠪᠠᠨ ᠳᠡᠭᠡᠭᠰᠢᠯᠡᠭᠦᠯᠬᠦ ᠪᠠ ᠢᠳᠡᠰᠢᠨ ᠨᠣᠭᠤᠭ᠎ᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠣᠯᠠᠨ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠪᠡᠯᠡᠳᠬᠡᠮᠵᠢᠵᠢᠭᠦᠯᠬᠦ᠂ ᠬᠦᠷᠢᠶᠡᠯᠡᠩ ᠲᠣᠭᠤᠷᠢᠭᠵᠢᠭᠤᠯᠬᠤ᠂ ᠪᠣᠬᠢᠷᠲᠤᠯ ᠥᠬᠡᠶ ᠬᠥᠭᠵᠢᠭᠦᠯᠬᠦ ᠶᠢ ᠠᠬᠢᠭᠤᠯᠤᠨ᠎ᠠ᠃ 2025 ᠣᠨ ᠤ ᠡᠴᠦᠰ ᠪᠣᠯᠬᠤ ᠳᠤ ᠪᠥᠬᠦ ᠬᠤᠲᠠ ᠳᠤ ᠵᠠᠭᠤᠨ ᠮᠥ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 10 ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠂ ᠡᠭᠦᠨ ᠳᠤ ᠬᠠᠶᠢᠷᠤᠪ ᠤᠨ ᠲᠤᠬᠤᠢ ᠲᠣᠭᠤᠷᠢᠭ ᠲᠤ 3᠂ ᠤᠳᠠ ᠲᠣᠭᠤᠷᠢᠭ ᠲᠤ 2᠂ ᠬᠠᠶᠢᠨᠠᠨ ᠲᠣᠭᠤᠷᠢᠭ ᠲᠤ 5᠃ ᠵᠢᠱᠢᠯᠲᠡ ᠪᠠᠷ 1000 ᠮᠥ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠳᠠᠷᠢᠬᠤ ᠲᠠᠯᠠᠪᠠᠶ ᠶᠢ ᠪᠠᠷᠤᠭ 2500 ᠮᠥ ᠨᠡᠮᠡᠭᠳᠡᠭᠦᠯᠦᠨ᠎ᠡ᠃ 2022 ᠣᠨ ᠳᠤ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 1.1 ᠲᠦᠮᠡᠨ ᠮᠥ ᠳᠤ ᠬᠦᠷᠦᠭᠦᠯᠵᠦ᠂ ᠵᠠᠭᠤᠨ ᠮᠥ ᠶᠢᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 3 ᠡᠬᠢᠯᠡᠭᠦᠯᠵᠦ᠂ ᠪᠠᠶᠢᠭᠤᠯᠤᠭᠰᠠᠨ ᠲᠠᠯᠠᠪᠠᠶ ᠶᠢ 150 ᠮᠥ ᠠᠴᠠ ᠳᠤᠲᠠᠭᠤ ᠥᠬᠡᠶ ᠪᠠᠶᠢᠯᠭᠠᠨ᠎ᠠ᠃ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠤᠨ ᠤᠰᠤ᠂ ᠴᠠᠬᠢᠯᠭᠠᠨ᠂ ᠵᠠᠮ᠂ ᠣᠶ ᠰᠢᠭᠤᠶ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠡᠳᠬᠦᠬᠦ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠰᠠᠭᠤᠷᠢᠨ ᠭᠠᠵᠠᠷ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ︶        2022 — 2025 ᠣᠨ ᠤ ᠢᠳᠡᠰᠢᠨ ᠨᠣᠭᠤᠭ᠎ᠠ ᠲᠠᠷᠢᠬᠤ ᠲᠥᠯᠥᠪᠯᠡᠭᠡ ᠶᠢᠨ ᠨᠠᠷᠢᠨ ᠬᠦᠰᠦᠨᠦᠭᠲᠦ      ᠨᠢᠭᠡᠴᠢ᠄ ᠲᠦᠮᠡᠨ ᠮᠦ᠂ ᠲᠦᠮᠡᠨ ᠲᠣᠨ

     2. ᠬᠡᠪᠴᠢᠶᠡᠵᠢᠭᠦᠯᠦᠭᠰᠡᠨ ᠭᠤᠤᠯᠳᠠᠯᠭ᠎ᠠ ᠲᠠᠢ ᠲᠡᠵᠢᠭᠡᠨ ᠦᠷᠡᠵᠢᠭᠦᠯᠬᠦ ᠲᠥᠷᠥᠯ ᠵᠦᠢᠯ ᠢ

ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠥᠨᠳᠡᠭᠡᠨ ᠲᠠᠬᠢᠶ᠎ᠠ᠂ ᠭᠠᠭ᠋ᠠᠶ ᠲᠡᠵᠢᠭᠡᠨ ᠦᠷᠡᠵᠢᠭᠦᠯᠬᠦ ᠠᠵᠢᠯ ᠢ

ᠭᠤᠣᠯᠳᠠᠯᠭ᠎ᠠ ᠲᠠᠢ ᠪᠠᠷ ᠲᠡᠳᠬᠦᠵᠦ᠂ ᠦᠬᠡᠷ᠂ ᠬᠤᠨᠢ ᠢᠮᠠᠭ᠎ᠠ ᠪᠠ ᠤᠰᠤᠨ ᠤ ᠭᠠᠷᠤᠯᠲᠠ ᠶᠢᠨ ᠲᠡᠵᠢᠭᠡᠨ ᠦᠷᠡᠵᠢᠭᠦᠯᠬᠦ

ᠠᠵᠢᠯ ᠢ ᠵᠣᠬᠢᠰᠲᠠᠶ ᠪᠠᠷ ᠬᠥᠭᠵᠢᠭᠦᠯᠦᠨ᠎ᠡ᠃ ᠬᠠᠶᠢᠨᠠᠨ ᠲᠣᠭᠤᠷᠢᠭ ᠤᠨ ᠬᠡᠪᠴᠢᠶᠡᠵᠢᠭᠦᠯᠦᠭᠰᠡᠨ ᠠᠮᠢ ᠠᠬᠤᠶ ᠶᠢᠨ

ᠭᠠᠭ᠋ᠠᠶ ᠲᠡᠵᠢᠭᠡᠬᠦ ᠲᠥᠷᠥᠯ ᠵᠦᠢᠯ᠂ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠲᠥᠷᠥᠯ ᠵᠦᠢᠯ ᠢ ᠢᠳᠡᠪᠬᠢᠲᠡᠶ ᠪᠠᠷ

ᠠᠬᠢᠭᠤᠯᠵᠤ᠂ ᠮᠠᠨ ᠤ ᠬᠤᠲᠠ ᠶᠢᠨ ᠮᠢᠬᠠᠨ ᠤ ᠵᠦᠢᠯ ᠤᠨ ᠭᠠᠷᠤᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂

ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄

ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ

ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠪᠠ

ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ

ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂

ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ

ᠦᠬᠠᠶ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ︶

     3. ︽ᠨᠢᠭᠡ ᠲᠣᠰᠬᠤᠨ ᠨᠢᠭᠡ ᠲᠥᠷᠥᠯ ᠵᠦᠢᠯ︾ ᠤᠨ ᠣᠨᠴᠠᠯᠢᠠᠠᠳᠣ ᠠᠵᠤ ᠦᠢᠯᠡᠰ ᠢ ᠪᠤᠶᠢᠵᠢᠭᠤᠯᠤᠨ᠎ᠠ᠃

ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠲᠥᠷᠥᠯ ᠵᠦᠢᠯ ᠢᠶᠠᠷ ᠲᠡᠳᠬᠦᠬᠦ ᠵᠡᠷᠭᠡ ᠠᠷᠭ᠎ᠠ

ᠬᠡᠮᠵᠢᠶ᠎ᠡ ᠪᠠᠷ ᠳᠠᠮᠵᠢᠭᠤᠯᠤᠨ᠂ ᠲᠠᠷᠢᠶᠠᠯᠠᠩ ᠤᠨ ᠠᠵᠤ ᠠᠬᠤᠶᠢᠯᠠᠯ᠂ ᠲᠣᠰᠬᠤᠨ ᠤ ᠬᠠᠮᠲᠤ ᠶᠢᠨ ᠠᠵᠤ ᠠᠬᠤᠶ ᠶᠢᠨ

ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠵᠡᠷᠭᠡ ᠡᠵᠡᠩᠨᠡᠯᠲᠡ ᠶᠢᠨ ᠭᠤᠤᠯ

ᠴᠣᠭᠴᠠ ᠶᠢ ᠵᠣᠷᠢᠭᠵᠢᠭᠤᠯᠵᠤ ᠪᠠᠶᠢᠭᠠᠳ ᠵᠢᠵᠢᠭ ᠲᠠᠷᠢᠶᠠᠴᠢᠨ ᠡᠷᠦᠬᠡ ᠶᠢ ᠳᠠᠶᠢᠴᠢᠯᠠᠨ ᠣᠨᠴᠠᠯᠢᠭ ᠢᠶᠠᠷ ᠢᠯᠡᠷᠬᠡᠶ᠂

ᠶᠠᠰᠤ ᠴᠢᠨᠠᠷ ᠢᠶᠠᠷ ᠰᠢᠯᠢᠳᠡᠭ᠂ ᠨᠡᠮᠡᠯᠲᠡ ᠥᠷᠲᠡᠭ ᠢᠶᠠᠷ ᠥᠨᠳᠥᠷ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠢ

ᠬᠥᠭᠵᠢᠭᠦᠯᠵᠦ᠂ ᠵᠣᠬᠢᠬᠤ ᠬᠡᠪᠴᠢᠶᠡᠵᠢᠭᠦᠯᠦᠨ ᠡᠵᠡᠩᠨᠡᠭᠦᠯᠵᠦ᠂ ᠣᠨᠴᠠᠯᠢᠭ ᠢᠶᠠᠷ ᠢᠯᠡᠷᠬᠡᠶ᠂ ᠥᠷᠢᠰᠦᠯᠳᠦᠬᠦ

ᠬᠦᠴᠦᠨ ᠢᠶᠠᠷ ᠴᠢᠩᠭ᠎ᠠ ᠨᠢᠭᠡ ᠪᠦᠯᠦᠭ ︽ᠨᠢᠭᠡ ᠲᠣᠰᠬᠤᠨ ᠨᠢᠭᠡ ᠦᠢᠯᠡᠳᠬᠦᠨ︾ ᠤ ᠲᠤᠰᠬᠠᠶ ᠲᠣᠰᠬᠤᠨ ᠢ ᠠᠯᠬᠤᠮ

ᠠᠯᠬᠤᠮ ᠢᠶᠠᠷ ᠪᠤᠶᠢᠵᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ

ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ

ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶

     ︵ᠬᠤᠶᠠᠷ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠦᠢᠯᠭᠡᠭᠡᠨ ᠤ

ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠎ᠠ

     1. ᠵᠠᠬ᠎ᠠ ᠳᠡᠯᠭᠡᠭᠦᠷ ᠤᠨ ᠰᠢᠰᠲ᠋ᠧᠮᠵᠢ ᠪᠠᠨ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨᠴᠢ ᠪᠦᠷᠢᠨ

ᠲᠡᠭᠦᠯᠳᠡᠷ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠠᠶᠢᠭᠤᠯᠵᠤ᠂

︽ᠢᠳᠡᠰᠢᠨ ᠨᠣᠭᠤᠭ᠎ᠠ︾ ᠶᠢᠨ ᠵᠠᠬ᠎ᠠ ᠳᠡᠯᠭᠡᠭᠦᠷ ᠤᠨ ᠨᠡᠶᠢᠲᠡ ᠶᠢᠨ ᠠᠰᠠᠷᠠᠮᠵᠢ ᠶᠢᠨ ᠴᠢᠨᠠᠷ᠂ ᠳᠥᠭᠦᠮ ᠳᠥᠲᠡ ᠴᠢᠨᠠᠷ ᠢ

ᠳᠣᠪᠤᠶᠢᠯᠭᠠᠨ᠂ ᠨᠢᠭᠡ ᠪᠦᠯᠦᠭ ᠬᠡᠪᠴᠢᠶ᠎ᠡ ᠨᠢ ᠲᠣᠬᠢᠷᠠᠮᠵᠢᠲᠠᠶ᠂ ᠠᠷᠠᠯᠵᠢᠶᠠᠯᠠᠬᠤ ᠨᠢ ᠠᠮᠢᠳᠤᠯᠢᠭ᠂ ᠲᠥᠪᠯᠡᠷᠡᠭᠦᠯᠬᠦ

ᠬᠦᠴᠦᠨ ᠪᠠ ᠨᠥᠯᠥᠭᠡᠯᠡᠬᠦ ᠬᠦᠴᠦᠨ ᠢᠶᠠᠷ ᠴᠢᠩᠭ᠎ᠠ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠢ ᠪᠥᠭᠡᠮ ᠢᠶᠠᠷ

ᠬᠤᠳᠠᠯᠳᠤᠬᠤ᠂ ᠬᠦᠢᠯᠭᠡᠭᠡᠨ ᠤ ᠵᠠᠬ᠎ᠠ ᠳᠡᠯᠭᠡᠭᠦᠷ ᠢ ᠪᠣᠶ ᠪᠣᠯᠭᠠᠨ᠎ᠠ᠃ ᠡᠭᠦᠨ ᠤ ᠬᠠᠮᠲᠤ᠂ ᠪᠥᠬᠦ ᠬᠤᠲᠠ ᠶᠢᠨ ︽ᠢᠳᠡᠰᠢᠨ

ᠨᠣᠭᠤᠭ᠎ᠠ︾ ᠶᠢᠨ ᠵᠢᠵᠢᠭᠯᠡᠨ ᠬᠤᠳᠠᠯᠳᠤᠬᠤ ᠲᠣᠤᠷ ᠴᠢᠭ ᠤᠨ ᠡᠵᠡᠩᠨᠡᠯᠲᠡ ᠶᠢᠨ ᠪᠠᠶᠢᠳᠠᠯ ᠢ ᠬᠥᠳᠡᠯᠦᠩᠭᠦᠶ ᠪᠠᠷ

ᠡᠵᠡᠮᠰᠢᠵᠦ᠂ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢᠨ ᠠᠵᠢᠯ ᠢᠶᠠᠨ ᠴᠠᠭ ᠲᠤᠬᠠᠶ ᠳᠤᠨᠢ ᠥᠷᠨᠢᠭᠦᠯᠵᠦ᠂

ᠰᠠᠭᠤᠭᠠᠯᠢ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠ ᠲᠥᠬᠦᠮ ᠦᠵᠡᠭᠦᠯᠦᠨ᠎ᠡ᠃ ︵ᠲᠦᠷᠦᠭᠦᠯᠡᠬᠦ ᠨᠢᠭᠡᠴᠡ᠄

ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ

ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ

ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ

ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠠᠩᠭᠠᠨ ᠪᠣᠷᠣᠯᠠᠭᠤᠯᠬᠤ

ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ︶

     2. ᠵᠠᠬ᠎ᠠ ᠳᠡᠯᠭᠡᠭᠦᠷ ᠤᠨ ᠡᠵᠡᠩᠨᠡᠯᠲᠡ ᠪᠠᠨ ᠵᠢᠷᠤᠮᠵᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ

ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠵᠢᠯᠣᠭᠤᠳᠤᠨ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ

ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠲᠥᠪ ᠪᠠᠶᠢᠭᠤᠯᠵᠤ᠂ ᠪᠠᠶᠢᠴᠠᠭᠠᠨ ᠰᠢᠯᠭᠠᠬᠤ ᠲᠥᠬᠦᠭᠡᠷᠦᠮᠵᠢ

ᠪᠠ ᠪᠠᠶᠢᠴᠠᠭᠠᠨ ᠰᠢᠯᠭᠠᠬᠤ ᠠᠵᠢᠯᠲᠠᠨ ᠳᠣᠭᠢᠷᠠᠭᠤᠯᠤᠨ᠂ ᠡᠳᠦᠷ ᠲᠤᠲᠤᠮ ᠤᠨ ᠶᠠᠰᠤ ᠴᠢᠨᠠᠷ ᠤᠨ ᠠᠮᠤᠷ ᠲᠦᠪᠰᠢᠨ ᠢ

ᠪᠠᠶᠢᠴᠠᠭᠠᠨ ᠰᠢᠯᠭᠠᠬᠤ ᠠᠵᠢᠯ ᠢ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠤᠨ

ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠦᠨᠡᠮᠯᠡᠯ ᠠᠪᠬᠤ ︵ᠲᠠᠷᠢᠶᠠᠯᠠᠩ ᠮᠠᠯ ᠤᠨ ᠠᠰᠢᠭ ᠰᠢᠮ᠎ᠡ ᠶᠢᠨ

ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠵᠡᠷᠭᠡ︶᠂ ᠪᠢᠯᠧᠲ ᠠᠪᠬᠤ ᠲᠦᠷᠢᠮ ᠢ ᠪᠠᠶᠢᠭᠤᠯᠵᠤ᠂ ᠬᠠᠤᠯᠢ

ᠲᠣᠭᠲᠠᠭᠠᠯ ᠠᠴᠠ ᠵᠥᠷᠢᠴᠡᠨ ᠰᠦᠢᠳᠭᠡᠯ ᠬᠤᠷᠢᠶᠠᠬᠤ᠂ ᠪᠠᠷᠠᠭᠠᠨ ᠤ ᠦᠨ᠎ᠡ ᠶᠢ ᠲᠦᠷᠬᠢᠭᠦᠯᠦᠨ ᠥᠰᠬᠡᠬᠦ ᠵᠡᠷᠭᠡ

ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ

ᠴᠢᠩᠭᠠᠷᠠᠭᠤᠯᠵᠤ᠂ ︽ᠢᠳᠡᠰᠢᠨ ᠨᠣᠭᠤᠭ᠎ᠠ︾ ᠶᠢᠨ ᠭᠤᠤᠯᠳᠠᠯᠭ᠎ᠠ ᠲᠠᠢ ᠬᠦᠷᠢᠶᠡᠨ ᠳᠠᠬᠢ ᠬᠡᠷᠡᠭᠯᠡᠭᠡᠨ ᠤ ᠡᠷᠬᠡ ᠪᠠᠨ

ᠬᠠᠮᠠᠭᠠᠯᠠᠬᠤ ᠶᠢ ᠴᠢᠩᠭᠠᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ

ᠣᠷᠳᠣᠨ᠂ ᠬᠤᠲᠠ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪ᠂ ᠬᠤᠲᠠ ᠶᠢᠨ ᠬᠠᠩᠭᠠᠨ ᠪᠣᠷᠣᠯᠠᠭᠤᠯᠬᠤ

ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ︶

     ︵ᠭᠤᠷᠪᠠ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ

ᠰᠢᠰᠲ᠋ᠧᠮᠵᠢ ᠶᠢᠨ ᠪᠠᠶᠢᠭᠤᠯᠤᠯᠲᠠ ᠪᠠᠨ ᠴᠢᠩᠭᠠᠳᠬᠠᠨ᠎ᠠ

     1. ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠦᠢᠯᠡᠳᠬᠦᠨ ᠤ

ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ

ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ

ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠵᠤ᠂ ᠪᠠᠶᠢᠴᠠᠭᠠᠬᠤ ᠪᠠ ᠴᠣᠬᠢᠯᠲᠠ ᠥᠭᠬᠦ ᠶᠢᠨ ᠬᠠᠮᠲᠤᠷᠠᠨ

ᠬᠥᠳᠡᠯᠦᠯᠴᠡᠬᠦ ᠲᠣᠭᠲᠠᠴᠠ ᠪᠠᠨ ᠴᠢᠩᠭᠠᠷᠠᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ

ᠲᠦᠪᠰᠢᠨ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ ᠵᠣᠬᠢᠶᠠᠨ ᠪᠠᠶᠢᠭᠤᠯᠤᠯᠲᠠ ᠨᠢ ᠪᠦᠷᠢᠨ ᠲᠡᠭᠦᠯᠳᠡᠷ᠂

ᠬᠠᠷᠢᠭᠤᠴᠠᠯᠭ᠎ᠠ ᠨᠢ ᠲᠣᠳᠣᠷᠬᠠᠶ᠂ ᠨᠢᠭᠡᠳᠦᠯᠲᠡᠶ ᠵᠢᠯᠣᠭᠤᠳᠬᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠮᠲᠤᠷᠠᠨ

ᠬᠥᠳᠡᠯᠦᠯᠴᠡᠬᠦ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢ ᠲᠠᠢ

ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠪᠥᠬᠦ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠢ

ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠰᠤᠭᠤᠴᠢᠨ

ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠦᠨ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ

ᠴᠢᠨᠠᠷ ᠤᠨ ᠠᠮᠤᠷ ᠲᠦᠪᠰᠢᠨ ᠢ ᠪᠠᠲᠤᠯᠠᠵᠤ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠣᠨ ᠤ ᠶᠡᠷᠦᠩᠬᠡᠶ

ᠬᠢᠷᠢ ᠲᠡᠩᠴᠡᠭᠰᠡᠨ ᠨᠣᠷᠮ᠎ᠠ ᠶᠢ 97% ᠠᠴᠠ ᠳᠡᠭᠡᠭᠰᠢ ᠳᠤ ᠪᠠᠶᠢᠯᠭᠠᠬᠤ ᠶᠢ ᠪᠠᠲᠤᠯᠠᠨ᠎ᠠ᠃ ︵ᠲᠦᠷᠦᠭᠦᠯᠡᠬᠦ ᠨᠢᠭᠡᠴᠡ᠄

ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ

ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶

     2. ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ︽ᠢᠳᠡᠰᠢᠨ ᠨᠣᠭᠤᠭ᠎ᠠ︾

 ᠶᠢᠨ ᠪᠦᠲᠦᠭᠡᠭᠳᠡᠬᠦᠨ ᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂

︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠣᠲᠣ ᠦᠶ᠎ᠡ ᠶᠢᠨ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠢ

ᠢᠳᠡᠪᠬᠢᠲᠡᠶ ᠪᠠᠷ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ

ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ

ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ

ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃

ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠮᠢ ᠠᠬᠤᠶ ᠶᠢᠨ

ᠣᠷᠴᠢᠨ ᠲᠣᠭᠤᠷᠢᠨ ᠤ ᠲᠣᠪᠴᠢᠶ᠎ᠠ︶

     3. ᠦᠢᠯᠡᠳᠬᠦᠨ ᠤ ᠡᠭᠢ ᠶᠢ ᠮᠦᠷᠳᠡᠬᠦ ᠲᠦᠷᠢᠮ ᠢ ᠬᠡᠷᠡᠭᠵᠢᠭᠦᠯᠦᠨ᠎ᠡ᠃ ᠪᠥᠬᠦ ᠬᠤᠲᠠ ᠶᠢᠨ ︽ᠢᠳᠡᠰᠢᠨ

ᠨᠣᠭᠤᠭ᠎ᠠ︾ ᠶᠢᠨ ᠲᠠᠷᠢᠶᠠᠯᠠᠩ ᠤᠨ ᠪᠦᠲᠦᠭᠡᠭᠳᠡᠬᠦᠨ ᠤ ᠬᠦᠢᠯᠭᠡᠭᠡᠨ ᠤ ᠡᠭᠢ ᠶᠢ ᠮᠦᠷᠳᠡᠬᠦ ᠰᠢᠰᠲ᠋ᠧᠮᠵᠢ ᠶᠢᠨ

ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠢᠷᠢ ᠲᠡᠩᠴᠡᠭᠰᠡᠨ

ᠦᠨᠡᠮᠯᠡᠯ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠢᠳᠡᠰᠢᠨ

ᠨᠣᠭᠤᠭ᠎ᠠ ᠶᠢᠨ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ ᠤᠨ ᠮᠥᠷᠳᠡᠨ

ᠤᠬᠤᠴᠢᠯᠠᠬᠤ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ

ᠬᠦᠷᠭᠡᠬᠦ ᠶᠢ ᠦᠨᠡᠨᠬᠦ ᠪᠠᠲᠤᠯᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ

ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ

ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶

     ︵ᠲᠥᠷᠪᠡ︶ ᠲᠣᠬᠢᠷᠠᠭᠤᠯᠤᠨ‌ᠡᠵᠡᠮᠳᠡᠬᠦ ᠪᠠᠲᠤᠯᠠᠭ᠎ᠠ‌‍ᠶᠢᠨ ᠴᠢᠳᠠᠪᠤᠷᠢ‌‍ᠶᠢᠨ ᠪᠠᠶᠢᠭᠤᠯᠤᠯᠲᠠ‌‍ᠪᠡᠨ ᠴᠢᠩᠭᠠᠳᠬᠠᠨ᠎ᠠ

     1. ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠡᠳᠬᠦᠬᠦ ᠡᠷᠴᠢᠮ ᠢᠶᠠᠨ

ᠴᠢᠩᠭᠠᠷᠠᠭᠤᠯᠤᠨ᠎ᠠ᠃ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠡᠳᠬᠦᠬᠦ ᠲᠥᠷᠥ ᠶᠢᠨ

ᠪᠣᠳᠣᠯᠭ᠎ᠠ ᠲᠣᠭᠲᠠᠭᠠᠵᠤ᠂ ᠬᠡᠪᠴᠢᠶᠡᠵᠢᠭᠰᠡᠨ᠂ ᠪᠡᠯᠡᠳᠬᠡᠮᠵᠢᠭᠰᠡᠨ᠂ ᠤᠶᠤᠨᠴᠢᠯᠠᠭᠰᠠᠨ ᠦᠢᠯᠡᠳᠪᠦᠷᠢᠯᠡᠯ ᠤᠨ ᠰᠠᠭᠤᠷᠢᠨ

ᠭᠠᠵᠠᠷ ᠢ ᠪᠥᠲᠥᠭᠡᠨ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ᠂ ᠡᠯ᠎ᠡ ᠬᠤᠯᠪᠣᠭᠳᠠᠯ ᠪᠥᠬᠦᠶ

ᠨᠢᠭᠡᠴᠡ ᠨᠦᠭᠦᠳ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠲᠥᠷᠥᠯ ᠵᠦᠢᠯ ᠢ ᠭᠤᠶᠤᠴᠢᠯᠠᠬᠤ᠂ ᠲᠥᠷᠥᠯ

ᠵᠦᠢᠯ ᠢ ᠬᠢᠨᠠᠨ ᠵᠥᠪᠰᠢᠶᠡᠷᠡᠵᠦ ᠳᠠᠩᠰᠠᠯᠠᠭᠤᠯᠬᠤ᠂ ᠰᠠᠭᠤᠷᠢ ᠪᠡᠯᠡᠳᠬᠡᠮᠵᠢ ᠶᠢ ᠢᠵᠢ ᠪᠦᠷᠢᠳᠦᠭᠦᠯᠬᠦ ᠵᠡᠷᠭᠡ ᠲᠠᠯ᠎ᠠ ᠪᠠᠷ

ᠳᠡᠮᠵᠢᠯᠭᠡ ᠦᠵᠡᠭᠦᠯᠵᠦ᠂ ᠠᠳᠠᠯᠢ ᠪᠤᠰᠤ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ᠂ ᠮᠡᠷᠭᠡᠵᠢᠯ ᠤᠨ ᠬᠢᠷᠢ ᠬᠡᠮᠵᠢᠶ᠎ᠡ᠂

ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠶᠢ ᠦᠨᠳᠦᠰᠦᠯᠡᠨ ᠵᠣᠬᠢᠴᠠᠩᠭᠤᠶ ᠬᠠᠷᠠᠭᠠᠯᠵᠠᠯ ᠤᠨ ᠲᠥᠷᠥ ᠶᠢᠨ

ᠪᠣᠳᠣᠯᠭ᠎ᠠ ᠶᠢ ᠢᠳᠡᠪᠬᠢᠲᠡᠶ ᠪᠠᠷ ᠢᠵᠢ ᠪᠥᠷᠢᠳᠦᠭᠦᠯᠦᠨ᠎ᠡ᠃ ᠤᠳᠤ ᠦᠶ᠎ᠡ ᠶᠢᠨ ᠲᠠᠷᠢᠶᠠᠯᠠᠩ ᠤᠨ ᠰᠢᠨ᠎ᠡ ᠮᠡᠷᠭᠡᠵᠢᠯ ᠤᠨ

ᠬᠡᠷᠡᠭᠯᠡᠯᠲᠡ ᠪᠠᠨ ᠴᠢᠩᠭᠠᠳᠬᠠᠨ᠂ ᠢᠳᠡᠰᠢᠨ ᠨᠣᠭᠤᠭ᠎ᠠ ᠲᠠᠷᠢᠬᠤ ᠪᠦᠲᠦᠴᠡ ᠪᠠᠨ ᠲᠣᠬᠢᠷᠠᠭᠤᠯᠤᠨ ᠰᠢᠯᠢᠳᠡᠭᠵᠢᠭᠦᠯᠵᠦ᠂

ᠴᠢᠨᠠᠷ ᠰᠠᠶᠢᠲᠠᠶ ᠡᠭᠦᠯᠳᠡᠷ ᠢ ᠳᠡᠯᠭᠡᠷᠡᠭᠦᠯᠬᠦ᠂ ᠤᠶᠤᠨᠴᠢᠯᠠᠨ ᠴᠢᠬᠢ ᠪᠤᠶᠢᠵᠢᠭᠤᠯᠬᠤ᠂ ᠤᠰᠤ ᠪᠤᠷᠳᠤᠭᠤᠷ ᠢ ᠨᠢᠭᠡ

ᠴᠤᠭᠴᠠᠵᠢᠭᠤᠯᠤᠨ ᠨᠠᠷᠢᠯᠢᠭ ᠬᠠᠮᠢᠶᠠᠷᠬᠤ ᠵᠡᠷᠭᠡ ᠠᠵᠢᠯ ᠢ ᠬᠢᠵᠦ᠂ ︽ᠢᠳᠡᠰᠢᠨ ᠨᠤᠭᠤᠭ᠎ᠠ︾ ᠶᠢᠨ ᠪᠦᠲᠦᠭᠡᠭᠳᠡᠬᠦᠨ ᠤ

ᠲᠡᠩᠴᠡᠭᠦᠷᠢᠲᠡᠶ ᠬᠠᠩᠭᠠᠯᠭ᠎ᠠ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ ︵ᠲᠦᠷᠦᠭᠦᠯᠡᠬᠦ ᠨᠢᠭᠡᠴᠡ᠄

ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ

ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠪᠠ

ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ

ᠲᠣᠭᠤᠷᠢᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ

ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ

ᠦᠬᠠᠶ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ

︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ ᠴᠠᠬᠢᠯᠭᠠᠨ ᠬᠠᠩᠭᠠᠬᠤ ᠬᠤᠪᠢᠶᠠᠷᠢ

ᠺᠣᠮᠫᠠᠨᠢ︶

     2. ᠵᠠᠬ᠎ᠠ ᠳᠡᠯᠭᠡᠭᠦᠷ ᠤᠨ ᠬᠦᠢᠯᠭᠡᠭᠡᠨ ᠤ ᠨᠥᠭᠡᠴᠡ ᠶᠢᠨ ᠪᠠᠲᠤᠯᠠᠭ᠎ᠠ ᠪᠠᠨ ᠴᠢᠩᠭᠠᠷᠠᠭᠤᠯᠤᠨ᠎ᠠ᠃ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂

ᠵᠠᠬ᠎ᠠ ᠳᠡᠯᠭᠡᠭᠦᠷ ᠤᠨ ᠭᠦᠢᠯᠭᠡᠭᠡᠨ ᠤ ᠨᠥᠭᠡᠴᠡ ᠶᠢᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ

ᠲᠥᠰᠦᠯ ᠲᠣᠭᠲᠠᠭᠠᠵᠤ᠂ ᠵᠢᠵᠢᠭᠦᠷᠯᠡᠨ ᠰᠠᠬᠢᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠪᠠᠨ

ᠪᠦᠷᠢᠨᠰᠢᠬᠦᠯᠵᠤ᠂ ᠵᠠᠬ᠎ᠠ ᠳᠡᠯᠭᠡᠭᠦᠷ ᠤᠨ ᠲᠤᠭᠢᠷᠠᠭᠤᠯᠭ᠎ᠠ ᠡᠵᠡᠮᠳᠡᠯ ᠤᠨ ᠪᠠᠲᠤᠯᠠᠭ᠎ᠠ ᠶᠢᠨ ᠴᠢᠳᠠᠪᠤᠷᠢ ᠶᠢᠨ

ᠪᠠᠶᠢᠭᠤᠯᠤᠯᠲᠠ ᠪᠠᠨ ᠴᠢᠩᠭᠠᠳᠬᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ

ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ

ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭ᠎ᠠ

ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶

     3. ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠲᠤᠭᠢᠷᠠᠭᠤᠯᠭ᠎ᠠ ᠡᠵᠡᠮᠳᠡᠯ ᠤᠨ ᠲᠥᠷᠥ ᠶᠢᠨ

ᠪᠣᠳᠣᠯᠭ᠎ᠠ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ

ᠦᠢᠯᠡᠳᠪᠦᠷᠢᠯᠡᠯ ᠢ ᠲᠡᠳᠬᠦᠬᠦ᠂ ᠦᠨ᠎ᠡ ᠬᠠᠩᠰᠢ ᠶᠢ ᠳᠣᠭᠢᠷᠠᠭᠤᠯᠤᠨ ᠡᠵᠡᠮᠳᠡᠬᠦ᠂ ᠬᠡᠷᠡᠭᠯᠡᠭᠴᠢᠳ ᠲᠤ ᠨᠥᠬᠦᠪᠥᠷᠢ ᠥᠭᠬᠦ

ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠦᠢᠯᠡᠳᠪᠦᠷᠢᠯᠡᠵᠦ

ᠪᠣᠷᠣᠯᠠᠭᠤᠯᠬᠤ ᠪᠣᠳᠠᠲᠤ ᠪᠠᠶᠢᠳᠠᠯ ᠢᠶᠠᠨ ᠦᠨᠳᠦᠰᠦᠯᠡᠨ᠂ ᠢᠳᠡᠰᠢᠨ ᠨᠣᠭᠤᠭ᠎ᠠ᠂ ᠵᠢᠮᠢᠰ᠂ ᠮᠢᠬ᠎ᠠ᠂ ᠥᠨᠳᠡᠭᠡ᠂ ᠰᠦ᠂

ᠤᠰᠤᠨ ᠤ ᠭᠠᠷᠤᠯᠲᠠ ᠵᠡᠷᠭᠡ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠨ᠎ᠡ ᠬᠠᠩᠰᠢ ᠶᠢᠨ ᠮᠡᠳᠡᠭᠡ

ᠵᠠᠩᠭᠢ ᠶᠢ ᠬᠢᠨᠠᠨ ᠰᠢᠨᠵᠢᠬᠦ᠂ ᠤᠷᠢᠳᠴᠢᠯᠠᠨ ᠰᠡᠷᠡᠮᠵᠢᠯᠡᠭᠦᠯᠬᠦ ᠠᠵᠢᠯ ᠤᠨ ᠰᠢᠰᠲ᠋ᠧᠮᠵᠢ ᠶᠢ ᠪᠠᠶᠢᠭᠤᠯᠵᠤ᠂

ᠭᠤᠤᠯᠳᠠᠯᠭ᠎ᠠ ᠲᠠᠢ ᠲᠠᠸᠠᠷ ᠤᠨ ᠵᠠᠰᠠᠭ ᠤᠨ ᠣᠷᠳᠣᠨ ᠤ ᠨᠥᠭᠡᠴᠡ ᠪᠠᠨ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ

ᠦᠨ᠎ᠡ ᠬᠠᠩᠰᠢ ᠶᠢ ᠳᠣᠭᠢᠷᠠᠭᠤᠯᠤᠨ ᠡᠵᠡᠮᠳᠡᠬᠦ ᠴᠢᠳᠠᠪᠤᠷᠢ ᠪᠠᠨ ᠴᠢᠩᠭᠠᠷᠠᠭᠤᠯᠵᠤ᠂ ᠬᠢᠨᠠᠨ ᠰᠢᠨᠵᠢᠵᠦ ᠤᠷᠢᠳᠴᠢᠯᠠᠨ

ᠰᠡᠷᠡᠮᠵᠢᠯᠡᠭᠦᠯᠬᠦ ᠶᠢ ᠦᠷᠨᠢᠬᠦᠯᠬᠦ ᠪᠠ ᠨᠡᠶᠢᠲᠡᠯᠡᠬᠦ ᠲᠠᠪᠴᠠᠩ ᠢ ᠪᠦᠲᠦᠬᠡᠨ ᠪᠠᠶᠢᠭᠤᠯᠦᠨ᠎ᠡ᠃ ᠴᠢᠬᠤᠯᠠ ᠪᠦᠬᠦᠢ

ᠢᠳᠡᠰᠢᠨ ᠨᠣᠭᠤᠭ᠎ᠠ ᠶᠢᠨ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠲᠠᠷᠢᠶᠠᠯᠠᠩ ᠤᠨ ᠪᠦᠷᠬᠦᠪᠴᠢ ᠵᠡᠷᠭᠡ

ᠲᠠᠷᠢᠶᠠᠯᠠᠩ ᠤᠨ ᠦᠢᠯᠡᠳᠪᠦᠷᠢᠯᠡᠯ ᠤᠨ ᠡᠳ᠋ ᠪᠣᠳᠠᠰ ᠢ ᠬᠠᠳᠠᠭᠠᠯᠠᠵᠤ ᠵᠥᠭᠡᠭᠡᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂

ᠲᠠᠷᠢᠶᠠᠯᠠᠩ ᠤᠨ ᠠᠶᠤᠯ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠪᠠᠨ ᠨᠡᠮᠡᠭᠳᠡᠭᠦᠯᠵᠦ᠂ ᠬᠢᠵᠢᠭ ᠤᠨ

ᠪᠠᠶᠢᠳᠠᠯ ᠵᠡᠷᠭᠡ ᠣᠨᠴᠠᠭᠠᠶ ᠴᠠᠭ ᠦᠶ᠎ᠡ ᠳᠠᠬᠢ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ ᠪᠠᠴᠢᠮ

ᠪᠠᠶᠢᠬᠤ ᠪᠠᠶᠢᠳᠠᠯ ᠢ ᠨᠠᠮᠳᠠᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ

ᠥᠭᠡᠷᠡᠴᠢᠯᠡᠯᠲᠡ ᠶᠢᠨ ᠵᠥᠪᠯᠡᠯ᠃ ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ

ᠣᠷᠳᠣᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ

ᠮᠠᠯ ᠠᠵᠤ ᠠᠬᠤᠶ ᠶᠢᠨ ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ

ᠬᠠᠮᠢᠶᠠᠷᠤᠯᠲᠠ ᠶᠢᠨ ᠵᠥᠪᠯᠡᠯ ᠤᠨ ᠦᠬᠠᠶ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ︶

     4. ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠭᠤᠯᠤᠯᠲᠠ ᠶᠢ

ᠠᠬᠢᠭᠤᠯᠤᠨ᠎ᠠ᠃ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ

ᠥᠷᠨᠢᠭᠦᠯᠵᠦ᠂ ︽ᠢᠳᠡᠰᠢᠨ ᠨᠣᠭᠤᠭ᠎ᠠ︾ ᠶᠢᠨ ᠢᠨᠵᠧᠨᠧᠷᠢᠩ ᠳᠤ ᠣᠷᠣᠰᠢᠵᠤ ᠪᠠᠶᠢᠭ᠎ᠠ ᠠᠰᠠᠭᠤᠳᠠᠯ ᠢ ᠡᠵᠡᠮᠰᠢᠨ᠂

ᠠᠵᠢᠯ ᠤᠨ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠰᠠᠶᠢᠵᠢᠷᠠᠭᠤᠯᠵᠤ᠂ ᠬᠤᠲᠠ ᠶᠢᠨ ᠠᠷᠠᠳ ᠤᠨ ︽ᠢᠳᠡᠰᠢᠨ

ᠨᠣᠭᠤᠭ᠎ᠠ︾ ᠶᠢᠨ ᠠᠵᠢᠯ ᠤᠨ ᠪᠥᠲᠥᠭᠡᠨ ᠪᠠᠶᠢᠭᠤᠯᠤᠯᠲᠠ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃

︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄

ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ︽ᠢᠳᠡᠰᠢᠨ ᠨᠣᠭᠤᠭ᠎ᠠ︾ ᠶᠢᠨ

ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ︶

     ᠳᠥᠷᠪᠡ᠂ ᠠᠵᠢᠯ ᠤᠨ ᠱᠠᠭᠠᠷᠳᠠᠯᠭ᠎ᠠ

     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠬᠤ ᠬᠡᠷᠡᠭᠲᠡᠶ᠃ ᠦᠬᠠᠶ

ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ

ᠳᠤᠭᠤᠶᠢᠯᠠᠩ ᠢ ᠪᠠᠶᠢᠭᠤᠯᠵᠤ᠂ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠬᠡᠷᠡᠭᠵᠢᠭᠦᠯᠬᠦ ᠠᠵᠢᠯ ᠢ ᠨᠢᠭᠡᠳᠦᠯᠲᠡᠶ

ᠲᠥᠯᠥᠪᠯᠡᠨ ᠵᠣᠬᠢᠴᠠᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠨᠡᠪᠲᠡᠷᠡᠯᠴᠡᠨ ᠬᠠᠮᠵᠢᠯᠴᠠᠬᠤ ᠬᠠᠮᠲᠤᠷᠠᠭᠰᠠᠨ

ᠬᠤᠷᠠᠯ ᠤᠨ ᠲᠦᠷᠢᠮ ᠢ ᠪᠠᠶᠢᠭᠤᠯᠤᠨ᠂ ᠨᠢᠭᠲᠠ ᠬᠠᠮᠵᠢᠯᠴᠠᠨ᠂ ᠠᠵᠢᠯ ᠤᠨ ᠳᠤᠮᠳᠠᠬᠢ ᠡᠯ᠎ᠡ ᠲᠥᠷᠥᠯ ᠤᠨ ᠠᠰᠠᠭᠤᠳᠠᠯ

ᠪᠠ ᠬᠦᠴᠢᠷᠳᠡᠯ ᠢ ᠰᠢᠢᠳᠪᠦᠷᠢᠯᠡᠬᠦ ᠶᠢ ᠬᠠᠮᠲᠤᠪᠠᠷ ᠠᠬᠢᠭᠤᠯᠵᠤ᠂ ᠪᠥᠬᠦ ᠬᠤᠲᠠ ᠶᠢᠨ ︽ᠢᠳᠡᠰᠢᠨ ᠨᠣᠭᠤᠭ᠎ᠠ︾ ᠶᠢᠨ

ᠪᠦᠲᠦᠭᠡᠭᠳᠡᠬᠦᠨ ᠤ ᠦᠢᠯᠡᠳᠪᠦᠷᠢᠯᠡᠯ᠂ ᠬᠦᠢᠯᠭᠡᠭᠡ ᠪᠠ ᠬᠠᠩᠭᠠᠯᠭ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ

ᠪᠠᠶᠢᠬᠤ ᠶᠢ ᠪᠠᠲᠤᠯᠠᠨ᠎ᠠ᠃ ᠡᠯ᠎ᠡ ᠲᠣᠭᠤᠷᠢᠭ ᠨᠢ ᠵᠣᠬᠢᠬᠤ ᠤᠳᠤᠷᠢᠳᠬᠤ ᠳᠤᠭᠤᠶᠢᠯᠠᠩ ᠤᠨ ᠪᠠᠶᠢᠭᠤᠯᠤᠮᠵᠢ ᠶᠢ

ᠯᠠᠪᠯᠠᠯᠲᠠ ᠪᠣᠯᠭᠠᠨ ᠪᠠᠶᠢᠭᠤᠯᠬᠤ ᠬᠡᠷᠡᠭᠲᠡᠶ᠃

     ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠᠨ ᠴᠢᠩᠭᠠᠷᠠᠭᠤᠯᠬᠤ ᠬᠡᠷᠡᠭᠲᠡᠶ᠃ ︽︿ᠢᠳᠡᠰᠢᠨ

ᠨᠣᠭᠤᠭ᠎ᠠ﹀ ᠶᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ

ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ

ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ︹2021︺59 ᠳ᠋ᠣᠭᠡᠷ ᠲᠣᠭᠠᠲᠤ︶

ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠢᠳᠡᠰᠢᠨ ᠨᠣᠭᠤᠭ᠎ᠠ﹀ ᠶᠢᠨ ᠪᠦᠲᠦᠭᠡᠭᠳᠡᠬᠦᠨ ᠤ

ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ

ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ

ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠬᠤᠲᠠ ᠲᠠᠷᠬᠠᠭᠠᠭᠰᠠᠨ ︹2021︺531

ᠳ᠋ᠣᠭᠡᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ

︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠡᠳᠬᠦᠬᠦ᠂ ᠵᠠᠬ᠎ᠠ ᠳᠡᠯᠭᠡᠭᠦᠷ ᠤᠨ ᠬᠦᠢᠯᠭᠡᠭᠡᠨ᠂

ᠬᠡᠷᠡᠭᠯᠡᠭᠴᠢᠳ ᠲᠤ ᠨᠥᠬᠦᠪᠥᠷᠢ ᠥᠭᠬᠦ ᠪᠠ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠵᠡᠷᠭᠡ ᠲᠠᠯ᠎ᠠ ᠶᠢᠨ

ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠶ᠃ ᠤᠯᠤᠰ᠂

ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠯᠬᠤ ᠪᠠᠷ

ᠢᠳᠡᠪᠬᠢᠲᠡᠶ ᠴᠢᠷᠮᠠᠶᠢᠵᠤ᠂ ᠪᠥᠬᠦ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠬᠡᠷᠡᠭᠵᠢᠭᠦᠯᠦᠯᠲᠡ ᠳᠤ

ᠰᠠᠭᠤᠷᠢ ᠪᠡᠯᠡᠳᠬᠡᠮᠵᠢ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠪᠦᠲᠦᠭᠡᠭᠳᠡᠬᠦᠨ ᠤ ᠪᠣᠷᠣᠯᠠᠭᠤᠯᠭ᠎ᠠ᠂

ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ

ᠡᠭᠦᠳᠬᠦ᠂ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠬᠤ

ᠬᠡᠷᠡᠭᠲᠡᠶ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠭᠲᠠᠭᠠᠭᠰᠠᠨ ᠭᠤᠤᠯᠳᠠᠯᠭ᠎ᠠ ᠲᠠᠢ ᠭᠤᠶᠤᠴᠢᠯᠠᠨ

ᠮᠡᠳᠡᠭᠦᠯᠬᠦ ᠲᠥᠷᠥᠯ ᠵᠦᠢᠯ ᠳᠤ ᠠᠷᠭ᠎ᠠ ᠬᠡᠮᠵᠢᠶ᠎ᠡ ᠪᠠᠨ ᠨᠢᠭᠡᠳ ᠨᠢᠭᠡ ᠪᠠᠷ ᠨᠠᠷᠢᠯᠢᠬᠵᠢᠭᠤᠯᠤᠨ᠂ ᠲᠥᠯᠥᠪᠯᠡᠭᠡ

ᠲᠣᠭᠲᠠᠭᠠᠵᠤ᠂ ᠠᠵᠢᠯᠲᠠᠨ ᠢᠶᠠᠨ ᠨᠠᠶᠢᠳᠠᠪᠤᠷᠢᠵᠢᠭᠤᠯᠤᠨ᠂ ᠪᠠᠯᠠ ᠮᠥᠩᠭᠦ ᠤᠯᠬᠤ ᠠᠵᠢᠯ ᠢ ᠬᠦᠴᠦᠲᠡᠶ ᠪᠥᠭᠡᠳ ᠡᠮᠬᠢ

ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃

     ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠪᠠᠨ ᠴᠢᠩᠭᠠᠷᠠᠭᠤᠯᠬᠤ ᠬᠡᠷᠡᠭᠲᠡᠶ᠃ ︽ᠢᠳᠡᠰᠢᠨ ᠨᠣᠭᠤᠭ᠎ᠠ︾

 ᠶᠢᠨ ᠢᠨᠵᠧᠨᠧᠷᠢᠩ ᠢ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ

ᠠᠭᠤᠯᠭ᠎ᠠ ᠳᠤ ᠣᠷᠣᠭᠤᠯᠵᠤ᠂ ᠰᠢᠯᠭᠠᠨ ᠬᠢᠨᠠᠬᠤ ᠲᠣᠭᠲᠠᠴᠠ ᠪᠠᠶᠢᠭᠤᠯᠤᠨ᠂ ᠰᠢᠯᠭᠠᠨ ᠬᠢᠨᠠᠬᠤ ᠠᠷᠭ᠎ᠠ ᠲᠣᠭᠲᠠᠭᠠᠵᠤ᠂

ᠰᠢᠯᠭᠠᠨ ᠬᠢᠨᠠᠬᠤ ᠬᠦᠢᠴᠡᠳᠬᠡᠯ ᠲᠤᠭ᠎ᠠ ᠪᠠᠨ ᠨᠠᠷᠢᠯᠢᠬᠵᠢᠭᠤᠯᠬᠤ ᠬᠡᠷᠡᠭᠲᠡᠶ᠃ ᠬᠤᠲᠠ ᠶᠢᠨ ︽ᠢᠳᠡᠰᠢᠨ ᠨᠣᠭᠤᠭ᠎ᠠ︾

 ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢᠶᠠᠷ ᠲᠦᠷᠦᠭᠦᠯᠡᠭᠦᠯᠦᠨ᠂

︽ᠢᠳᠡᠰᠢᠨ ᠨᠣᠭᠤᠭ᠎ᠠ︾ ᠶᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠤᠨ ᠰᠢᠯᠭᠠᠨ ᠬᠢᠨᠠᠬᠤ ᠠᠵᠢᠯ ᠤᠨ

ᠵᠠᠩᠭᠢᠯᠠᠭ᠎ᠠ ᠶᠢᠨ ᠭᠤᠭᠴᠤᠭ᠎ᠠ ᠪᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ

ᠰᠢᠮᠳᠠᠭᠤᠯᠤᠨ ᠵᠢᠯᠣᠭᠤᠳᠴᠤ ᠪᠠᠶᠢᠴᠠᠭᠠᠯᠲᠠ ᠬᠢᠵᠦ᠂ ᠠᠵᠢᠯ ᠤᠨ ᠳᠤᠮᠳᠠ ᠲᠤᠯᠭᠠᠷᠠᠭᠰᠠᠨ ᠭᠤᠤᠯᠳᠠᠯᠭ᠎ᠠ ᠲᠠᠢ᠂

ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ︽ᠢᠳᠡᠰᠢᠨ ᠨᠣᠭᠤᠭ᠎ᠠ︾ ᠶᠢ ᠬᠤᠲᠠ ᠶᠢᠨ ᠳᠠᠷᠤᠭ᠎ᠠ

ᠬᠠᠷᠢᠭᠤᠴᠠᠬᠤ ᠲᠦᠷᠢᠮ ᠤᠨ ᠡᠯ᠎ᠡ ᠵᠦᠢᠯ ᠤᠨ ᠰᠢᠯᠭᠠᠨ ᠬᠢᠨᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ

ᠦᠨᠡᠨᠬᠦ ᠪᠠᠲᠤᠯᠠᠬᠤ ᠬᠡᠷᠡᠭᠳᠡᠢ᠃

   ᠳᠠᠭᠠᠯᠳᠤᠭᠤᠯᠤᠯ᠄ ᠦᠬᠠᠶ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ

ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ

ᠳᠠᠭᠠᠯᠳᠤᠭᠤᠯᠤᠯ    

     ᠦᠬᠠᠶ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ

ᠤᠳᠤᠷᠢᠳᠬᠤ ᠳᠤᠭᠤᠶᠢᠯᠠᠩ

     ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ

ᠴᠢᠩᠭᠠᠳᠬᠠᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠦᠬᠠᠶ

ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ

ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠣᠭᠲᠠᠪᠠ᠂

ᠪᠣᠳᠠᠲᠠᠶ ᠪᠦᠷᠢᠯᠳᠦᠬᠦᠨ ᠨᠢ ᠳᠣᠤᠷᠠᠬᠢ ᠮᠡᠲᠦ᠄

     ᠳᠤᠭᠤᠶᠢᠯᠠᠩ ᠤᠨ ᠳᠠᠷᠤᠭ᠎ᠠ᠄ ᠶᠠᠩ ᠶᠢᠨ    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ

ᠣᠷᠳᠣᠨ ᠤ ᠬᠤᠲᠠ ᠶᠢᠨ ᠳᠠᠷᠤᠭ᠎ᠠ

     ᠳᠤᠭᠤᠶᠢᠯᠠᠩ ᠤᠨ ᠳᠡᠳ᠋ ᠳᠠᠷᠤᠭ᠎ᠠ᠄ ᠵᠢᠶᠠ ᠴᠢᠩ ᠳ᠋ᠦᠩ    ᠬᠤᠲᠠ ᠶᠢᠨ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ

     ᠸᠠᠩ ᠵᠢᠶ ᠫᠢᠩ    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ

     ᠵᠠᠩ ᠮᠢᠩ ᠮᠢᠩ    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ

     ᠪᠦᠷᠢᠯᠳᠦᠬᠦᠨ᠄ ᠼᠦᠢ ᠬᠤᠩ ᠪᠥᠸᠧ    ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ

ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ

     ᠯᠢᠦ ᠬᠤ᠋    ᠤᠳᠠ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠳᠠᠷᠤᠭ᠎ᠠ

     ᠯᠢᠦ ᠪᠢᠩ     ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠳᠠᠷᠤᠭ᠎ᠠ

     ᠶᠣᠣ ᠶᠠᠨ ᠹᠧᠨ    ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠳᠥᠷᠪᠡᠳᠦᠭᠡᠷ ᠳᠡᠰ ᠤᠨ

ᠪᠠᠶᠢᠴᠠᠭᠠᠨ ᠰᠤᠳᠤᠯᠤᠭᠴᠢ

     ᠭᠤᠤ ᠪᠦᠸᠧ    ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ

     ᠱᠢ ᠭᠦᠸᠧ ᠾᠦᠢ    ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ

     ᠵᠤᠤ ᠺᠦᠩ ᠵᠠᠩ    ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ

     ᠶᠠᠩ ᠰᠢᠤᠸᠠᠢ ᠹᠧᠩ    ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ

     ᠱᠣᠣ ᠸᠧᠶ    ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ

     ᠱᠢ ᠳ᠋ᠡ ᠶᠦᠩ    ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ

     ᠯᠢ ᠾᠧ ᠫᠢᠩ    ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ

     ᠵᠠᠩ ᠯᠢ ᠮᠢᠩ    ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ

     ᠯᠢᠦ ᠳ᠋ᠧ ᠼᠦᠢ    ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ

     ᠿᠧᠨ ᠵᠢᠶ ᠬᠤᠸᠠ    ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ

     ᠰᠢᠤᠢ ᠪᠢᠨ    ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ

     ᠵᠣᠣ ᡁᠢ   ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ

     ᠬᠤ᠋ ᠶᠢᠩ ᠯᠦᠩ    ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ

ᠡᠷᠬᠢᠯᠡᠭᠴᠢ

     ᠯᠦ ᠵᠧᠨ ᠬᠤᠸᠠ    ᠬᠤᠲᠠ ᠶᠢᠨ ᠰᠢᠯᠭᠠᠨ ᠪᠠᠶᠢᠴᠠᠭᠠᠬᠤ ᠲᠥᠪ ᠤᠨ ᠡᠷᠬᠢᠯᠡᠭᠴᠢ

     ᠪᠥᠸᠧ ᠬᠤᠩ ᠪᠢᠨ    ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ

ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ

     ᠬᠤᠤ ᠵᠢᠶᠧ    ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ

ᠵᠥᠪᠯᠡᠯ ᠤᠨ ᠦᠬᠠᠶ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶᠠᠨ ᠤ ᠳᠠᠷᠤᠭ᠎ᠠ

     ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠳᠠ ᠶᠢᠨ ᠲᠠᠷᠢᠶᠠᠯᠠᠩ

ᠮᠠᠯ ᠠᠵᠤ ᠠᠬᠤᠢ ᠶᠢᠨ ᠲᠤᠪᠴᠢᠶ᠎ᠠ ᠳᠤ ᠲᠤᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠵᠠᠩ ᠯᠢ

ᠮᠢᠩ ᠨᠥᠬᠦᠷ ᠬᠠᠪᠰᠤᠷᠭᠠᠨ ᠬᠠᠷᠢᠭᠤᠴᠠᠨ᠎ᠠ᠃

     ᠬᠤᠶᠢᠰᠢᠳᠠ ᠬᠤᠳᠠ ᠶᠢᠨ ᠤᠳᠤᠷᠢᠳᠤᠯᠭ᠎ᠠ ᠶᠢ ᠭᠠᠷᠭᠠᠪᠠᠯ᠂ ᠤᠳᠤᠷᠢᠳᠬᠤ ᠳᠤᠭᠤᠶᠢᠯᠠᠩ ᠤᠨ ᠪᠤᠰᠤᠳ

ᠪᠦᠷᠢᠯᠳᠦᠬᠦᠨ ᠳᠤ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠥᠪᠡᠷᠰᠡᠳ ᠢᠶᠠᠨ

ᠲᠤᠬᠢᠷᠠᠭᠤᠯᠤᠯᠳᠠ ᠬᠢᠵᠦ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠠᠰ ᠲᠤᠨᠢ ᠪᠢᠴᠢᠭ ᠮᠠᠲ᠋ᠧᠷᠢᠶᠠᠯ

ᠲᠠᠷᠬᠠᠭᠠᠬᠤ ᠦᠬᠡᠢ᠃

    ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ

ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ

ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ

ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃

     ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃

                  ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ

                  2022 ᠣᠨ ᠤ 5 ᠰᠠᠷ᠎ᠠ ᠶᠢᠨ 26 ᠤ ᠡᠳᠦᠷ ᠳᠠᠷᠤᠮᠠᠯᠯᠠᠨ ᠲᠠᠷᠬᠠᠭᠠᠪᠠ

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号