ᠬᠠᠶᠢᠨᠠᠨ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/6
     ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠪᠣᠯᠤᠨ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠪᠠ᠃      ᠪᠥᠬᠦᠳᠡ ᠬᠤᠷᠠᠯ ᠠᠴᠠ ᠬᠠᠶᠢᠨᠠᠨ ᠲᠣᠭᠤᠷᠢᠭ ᠤᠨ 2022 ᠣᠨ ᠤ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ 2023 ᠣᠨ ᠤ ᠭᠤᠣᠯ ᠡᠭᠦᠷᠭᠡ ᠪᠠᠨ ᠲᠤᠬᠢᠷᠠᠭᠤᠯᠤᠨ ᠪᠠᠶᠢᠷᠢᠯᠠᠭᠤᠯᠪᠠ᠃ ︽ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ ᠲᠣᠭᠲᠠᠭᠠᠯ︾ ︽2022 ᠣᠨ ᠤ ᠬᠠᠶᠢᠨᠠᠨ ᠲᠣᠭᠤᠷᠢᠭ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ︽2022 ᠣᠨ ᠤ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ᠃      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠲᠤᠤᠱᠯᠠᠭᠤᠯᠬᠤ ᠶᠢ ᠪᠦᠬᠦ ᠲᠤᠭᠤᠷᠢᠭ ᠤᠨ ᠠᠵᠢᠯ ᠳᠤ ᠠᠭᠤᠰᠤᠯᠴᠠᠭᠤᠯᠬᠤ ᠬᠡᠷᠡᠭᠲᠡᠢ᠃ ᠬᠠᠶᠢᠨᠠᠨ ᠲᠤᠭᠤᠷᠢᠭ ᠤᠨ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠬᠥᠭᠵᠢᠭᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢᠶᠠᠨ ᠰᠠᠶᠢᠲᠤᠷ ᠬᠢᠵᠦ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠰᠢᠨ᠎ᠡ ᠦᠷ᠎ᠡ ᠪᠦᠲᠦᠮᠵᠢ ᠪᠠᠨ ᠭᠦᠨᠵᠡᠭᠡᠶᠢᠷᠡᠭᠦᠯᠦᠨ ᠥᠷᠭᠡᠳᠬᠡᠵᠦ᠂ ᠠᠮᠢ ᠠᠬᠤᠶ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠦᠭᠵᠢᠯᠳᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠰᠢᠨ᠎ᠡ ᠠᠯᠬᠤᠮ ᠢ ᠠᠯᠬᠤᠬᠤ ᠶᠢ ᠠᠬᠢᠭᠤᠯᠵᠤ᠂ ᠰᠢᠨ᠎ᠡ ᠠᠶᠠᠨ ᠵᠠᠮ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号