BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠭᠢᠭᠤᠯᠤᠶ᠎ᠠ
ᠨᠡᠶᠢᠲᠡᠯᠡᠭᠰᠡᠨ ᠴᠠᠭ᠄
2023/10/10
       — ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠵᠧᠩ ᠯᠢᠨ ᠬᠤ᠋ ᠶᠢ ᠰᠤᠷᠪᠤᠯᠵᠢᠯᠠᠭᠰᠠᠨ  ᠨᠢ       ᠣᠶᠢᠷ᠎ᠠ ᠳᠤ᠂ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠧᠩ ᠯᠢᠨ ᠬᠤ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ︽ᠡᠨᠡ ᠣᠳᠠᠭ᠎ᠠ ᠮᠠᠨ ᠤ ᠬᠤᠲᠠ ᠪᠣᠯᠣᠨ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠬᠠᠮᠲᠤᠷᠠᠨ 2023 ᠳᠤᠮᠳᠠᠳᠤ ᠤᠯᠤᠰ ︵ᠦᠬᠠᠢ︶ ᠤᠨ ᠬᠤᠶᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠢ ᠡᠷᠭᠢᠯᠡᠵᠦ᠂ ᠠᠺᠠᠳᠧᠮᠢᠴᠢ᠂ ᠲᠤᠰᠬᠠᠢ ᠮᠡᠷᠭᠡᠵᠢᠯᠲᠡᠨ ᠡᠷᠳᠡᠮᠲᠡᠨ᠂ ᠤᠯᠤᠰ ᠤᠨ ᠬᠥᠭᠵᠢᠭᠦᠯᠦᠯᠲᠡ ᠪᠡ ᠥᠭᠡᠷᠡᠴᠢᠯᠡᠯᠲᠡ ᠶᠢᠨ ᠵᠦᠪᠯᠡᠯ᠂ ᠤᠤᠯ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠤᠯᠪᠣᠭᠳᠠᠯ ᠪᠦᠬᠦᠢ ᠤᠳᠤᠷᠢᠳᠤᠯᠭ᠎ᠠ᠂ BDO ᠠᠵᠢᠯ ᠲᠥᠷᠥᠯ ᠤᠨ ᠳᠡᠭᠡᠳᠦ ᠳᠣᠣᠷᠠᠳᠤ ᠤᠷᠤᠰᠬᠠᠯ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ 300 ᠭᠠᠷᠤᠢ ᠬᠥᠮᠥᠨ ᠢ ᠤᠷᠢᠵᠤ ᠣᠷᠣᠯᠴᠠᠭᠤᠯᠵᠠᠢ᠂ ᠡᠨᠡ ᠨᠢ ᠮᠠᠨ ᠤ ᠬᠤᠲᠠ ᠶᠢᠨ BDO ᠠᠵᠤ ᠦᠢᠯᠡᠰ ᠢ ᠰᠠᠶᠢᠲᠤᠷ ᠬᠢᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ︾ ᠭᠡᠵᠦ ᠬᠡᠯᠡᠪᠡ᠃      ᠵᠧᠩ ᠯᠢᠨ ᠬᠤ᠋ ᠬᠡᠯᠡᠭᠰᠡᠨ ᠨᠢ᠂ ᠡᠨᠡ ᠪᠣᠯ ᠮᠠᠨ ᠤ ᠬᠤᠲᠠ ᠶᠢᠨ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤ ᠮᠠᠲ᠋ᠧᠷᠢᠶᠠᠯ ᠢ ᠢᠳᠡᠪᠬᠢᠲᠡᠢ ᠬᠥᠭᠵᠢᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ ᠪᠣᠯᠣᠨ᠎ᠠ᠃ ᠪᠥᠬᠦ ᠪᠦᠮᠪᠦᠷᠴᠡᠭ ᠤᠨ ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯ ᠮᠥᠨ ᠴᠦ ᠮᠠᠨ ᠤ ᠬᠤᠲᠠ ᠶᠢᠨ ᠥᠪᠥᠷ ᠮᠣᠩᠭᠤᠯ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠪᠣᠳᠠᠲᠠᠢ ᠦᠢᠯᠡᠳᠦᠯᠭᠡ ᠮᠥᠨ ᠭᠡᠵᠡᠢ᠃      ᠵᠧᠩ ᠯᠢᠨ ᠬᠤ᠋ ᠲᠠᠨᠢᠯᠴᠠᠭᠤᠯᠵᠤ ᠬᠡᠯᠡᠭᠰᠡᠨ ᠨᠢ᠂ ᠲᠤᠰ ᠣᠳᠠᠭᠠᠨ ᠤ ᠬᠤᠷᠠᠯ ᠳᠤ ᠡᠬᠢᠯᠡᠯᠲᠡ ᠶᠢᠨ ᠶᠣᠰᠣᠯᠠᠯ᠂ BDO ᠠᠵᠤ ᠦᠢᠯᠡᠰ ᠤᠨ ᠨᠡᠶᠢᠲᠡᠯᠡᠯᠲᠡ᠂ ᠬᠤᠳᠠᠯᠳᠣᠭᠠᠴᠢᠨ ᠤᠷᠢᠵᠤ ᠲᠠᠨᠢᠯᠴᠠᠭᠤᠯᠬᠤ᠂ ᠭᠤᠣᠯ ᠰᠡᠳᠦᠪᠲᠦ ᠲᠠᠶᠢᠯᠤᠮᠵᠢ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ᠂ ᠬᠦᠷᠢᠶᠡᠯᠡᠩ ᠲᠣᠭᠤᠷᠢᠭ ᠲᠤ ᠰᠢᠨᠵᠢᠯᠡᠨ ᠪᠠᠶᠢᠴᠠᠭᠠᠬᠤ ᠵᠡᠷᠭᠡ ᠵᠥᠪᠯᠡᠬᠦ ᠵᠦᠢᠯᠡᠰ ᠪᠤᠢ᠃ ᠶᠡᠭᠡ ᠬᠤᠷᠠᠯ ᠳᠤ ᠠᠩᠬ᠎ᠠ ᠤᠳᠠᠭ᠎ᠠ BDO ᠶᠢᠨ ᠠᠵᠤ ᠦᠢᠯᠡᠰ ᠤᠨ ᠨᠡᠶᠢᠲᠡᠯᠡᠬᠦ ᠭᠤᠭᠴᠤᠭ᠎ᠠ ᠶᠢ ᠲᠣᠬᠢᠷᠠᠭᠤᠯᠵᠤ᠂ BDO ᠶᠢᠨ ᠬᠦᠷᠢᠶᠡᠨ ᠳᠠᠬᠢ ︽ᠵᠠᠷᠯᠠᠯ ᠨᠡᠶᠢᠳᠡᠯᠡᠵᠤ ᠮᠠᠩᠯᠠᠶᠢᠯᠠᠬᠤ︾ ᠡᠭᠦᠷᠭᠡ ᠶᠢᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠬᠤᠲᠠ ᠶᠢᠨ ᠵᠠᠰᠠᠭ ᠤᠨ ᠣᠷᠳᠣᠨ ᠤ ᠢᠵᠢ ᠪᠦᠷᠢᠳᠦᠭᠦᠯᠦᠭᠰᠡᠨ ᠲᠤᠰᠬᠠᠢ ᠲᠥᠷᠥᠯ ᠤᠨ ᠰᠤᠳᠤᠯᠤᠨ ᠨᠡᠭᠡᠭᠡᠬᠦ ᠪᠡᠯᠡ ᠮᠥᠩᠭᠦ 1000 ᠲᠦᠮᠡᠨ ᠲᠥᠭᠦᠷᠢᠭ ᠬᠦᠷᠴᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠤᠷᠢᠵᠤ ᠢᠳᠡᠪᠬᠢᠲᠡᠢ ᠪᠠᠷ ᠨᠡᠷᠡᠰ ᠤᠨ ᠵᠢᠭᠰᠠᠭᠠᠯᠲᠠ ᠳᠤ ᠣᠷᠣᠯᠴᠠᠭᠤᠯᠵᠤ᠂ ᠮᠠᠨ ᠤ ᠬᠤᠲᠠ ᠶᠢᠨ BDO ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠡᠮᠵᠢᠬᠦᠯᠦᠨ᠎ᠡ᠃ ᠬᠤᠲᠠ ᠶᠢᠨ ᠵᠠᠰᠠᠭ ᠤᠨ ᠣᠷᠳᠣᠨ ᠠᠴᠠ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠠᠢ ᠭᠤᠷᠪᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠮᠠᠨ ᠤ ᠬᠤᠲᠠ ᠶᠢᠨ BDO ᠦᠢᠯᠡᠳᠬᠦᠨ ᠤ ᠠᠷᠠᠯᠵᠢᠶᠠᠨ ᠤ ᠲᠥᠪ ᠪᠠᠶᠢᠭᠤᠯᠬᠤ ᠶᠢ ᠠᠬᠢᠭᠤᠯᠬᠤ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠳᠤ ᠣᠷᠣᠯᠴᠠᠬᠤ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠦᠨ᠎ᠡ᠃ ᠦᠬᠠᠢ ᠬᠤᠳᠠ ᠶᠢᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠮᠠᠨ ᠤ ᠬᠤᠳᠠ ᠶᠢᠨ BDO ᠠᠵᠢᠯ ᠲᠦᠷᠦᠯ ᠤᠨ ᠨᠡᠶᠢᠭᠡᠮᠯᠢᠭ ᠢ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠮᠠᠨ ᠤ ᠬᠤᠳᠠ ᠶᠢᠨ BDO ᠠᠵᠢᠯ ᠲᠦᠷᠦᠯ ᠤᠨ ᠠᠵᠤ ᠠᠬᠤᠶᠢᠯᠠᠯ ᠤᠨ ᠪᠦᠯᠬᠦᠮᠳᠡᠨ ᠬᠠᠮᠲᠤᠷᠠᠯᠴᠠᠵᠤ᠂ ᠬᠠᠷᠢᠯᠴᠠᠨ ᠰᠣᠯᠢᠯᠴᠠᠵᠤ᠂ ᠬᠥᠭᠵᠢᠯᠲᠡ ᠶᠢ ᠠᠬᠢᠭᠤᠯᠵᠤ᠂ ᠦᠨᠡᠨᠴᠢ ᠢᠲᠡᠭᠡᠮᠵᠢᠲᠡᠢ᠂ ᠡᠶ᠎ᠡ ᠵᠣᠬᠢᠴᠠᠩᠭᠤᠢ᠂ ᠡᠷᠡᠭᠦᠯ ᠰᠠᠷᠠᠭᠤᠯ ᠠᠵᠢᠯ ᠲᠦᠷᠦᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠬᠥᠲᠥᠯᠥᠨ ᠲᠠᠭᠠᠭᠤᠯᠤᠨ᠎ᠠ᠃ ᠢᠯᠠᠩᠭᠤᠶ᠎ᠠ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠠᠴᠠ ᠮᠠᠨ ᠤ ᠬᠤᠲᠠ ᠪᠣᠯ ᠳᠤᠮᠳᠠᠳᠤ ᠤᠯᠤᠰ ᠤᠨ BDO ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠡᠭᠦᠷᠢᠳᠡ ᠶᠢᠨ ᠡᠷᠭᠢᠯᠡᠬᠦ ᠭᠠᠵᠠᠷ ᠮᠥᠨ ᠭᠡᠵᠦ ᠨᠡᠶᠢᠲᠡᠯᠡᠵᠦ᠂ ᠮᠠᠨ ᠤ ᠬᠤᠲᠠ ᠶᠢᠨ ᠪᠥᠬᠦ ᠤᠯᠤᠰ ᠤᠨ ᠴᠢᠬᠤᠯᠠ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠪᠠ ᠦᠭᠡ ᠬᠡᠯᠡᠬᠦ ᠡᠷᠬᠡ ᠲᠠᠢ BDO ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠪᠠᠶᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠪᠣᠯᠣᠨ᠎ᠠ ᠭᠡᠵᠡᠢ᠃      ᠵᠧᠩ ᠯᠢᠨ ᠬᠤ᠋ ᠬᠡᠯᠡᠭᠰᠡᠨ ᠨᠢ᠂ ᠶᠡᠭᠡ ᠬᠤᠷᠠᠯ ᠢ ᠠᠮᠵᠢᠯᠲᠠ ᠲᠠᠢ ᠡᠷᠭᠢᠯᠡᠬᠦ ᠨᠢ ᠮᠠᠨ ᠤ ᠬᠤᠳᠠ ᠶᠢᠨ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠳᠤ ᠨᠡᠩ ᠥᠷᠭᠡᠨ ᠨᠡᠩ ᠭᠦᠨ ᠨᠡᠩ ᠥᠨᠳᠥᠷ ᠲᠦᠪᠰᠢᠨ ᠤ ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠬᠤ ᠮᠦᠷᠳᠡᠭᠡᠨ ᠮᠠᠨ ᠤ ᠬᠤᠳᠠ ᠶᠢᠨ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠬᠦᠴᠦᠨ ᠨᠡᠮᠡᠷᠢᠯᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号