ᠬᠤᠲᠠ ᠶᠢᠨ ᠤᠳᠤᠷᠢᠳᠤᠯᠭ᠎ᠠ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠠᠩᠯᠠᠢ ᠶᠠᠩ ᠵᠢᠶᠠ ᠢᠦᠢ ᠢᠯᠠᠯᠲᠠ ᠲᠠᠢ ᠪᠤᠴᠠᠭᠰᠠᠨ ᠢ ᠤᠭᠲᠤᠪᠠ
ᠨᠡᠶᠢᠲᠡᠯᠡᠭᠰᠡᠨ ᠴᠠᠭ᠄
2023/10/10
     10 ᠰᠠᠷ᠎ᠠ ᠶᠢᠨ 9 ᠤ ᠡᠳᠦᠷ᠂ ᠬᠤᠲᠠ‌‍ᠶᠢᠨ ᠨᠠᠮ‌‍ᠤᠨ ᠬᠤᠷᠢᠶᠠᠨ‌‍ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ‌‍ᠦᠨ ᠳᠠᠷᠤᠭ᠎ᠠ ᠮᠧᠩ ᠫᠧᠢ ᠶᠦᠨ᠂ ᠬᠤᠲᠠ‌‍ᠶᠢᠨ ᠳᠡᠳ᠋ ᠳᠠᠷᠤᠭ᠎ᠠ ᠵᠠᠩ ᠮᠢᠩ ᠮᠢᠩ ᠦᠬᠠᠢ ᠶᠢᠨ ᠨᠢᠰᠬᠡᠯ ᠤᠨ ᠪᠠᠭᠤᠳᠠᠯ ᠳᠤ ᠬᠦᠷᠴᠦ ᠠᠽᠢᠶ᠎ᠠ ᠲᠢᠪ‌‍ᠦᠨ ᠪᠡᠶ᠎ᠡ ᠲᠠᠮᠢᠷ ᠤᠨ ᠴᠤᠭᠯᠠᠭᠠᠨ‌‍ᠤ ᠤᠷᠤᠯᠳᠤᠭᠠᠨ‌‍ᠤ ᠲᠠᠯᠠᠪᠤᠷ ᠠᠴᠠ ᠰᠠᠶ᠋ᠢᠬᠠᠨ ᠪᠤᠴᠠᠵᠤ ᠢᠷᠡᠭᠰᠡᠨ ᠤᠯᠤᠰ‌‍ᠤᠨ ᠠᠯᠬᠤᠭ᠎ᠠ ᠤᠷᠤᠯᠳᠤᠭᠠᠨ‌‍ᠤ ᠲᠠᠮᠢᠷᠴᠢᠨ ᠶᠠᠩ ᠵᠢᠶᠠ ᠢᠦᠢ ᠶᠢ ᠤᠭᠲᠤᠪᠠ᠃      ᠶᠠᠷᠢᠯᠴᠠᠬᠤ ᠳᠤᠮᠳᠠ᠂ ᠮᠧᠩ ᠫᠧᠢ ᠶᠦᠨ ᠨᠠᠷ ᠶᠠᠩ ᠵᠢᠶᠠ ᠢᠦᠢ ᠶᠢᠨ ᠤᠷᠤᠯᠳᠤᠭᠠᠨ ᠳᠤ ᠣᠷᠣᠯᠴᠠᠬᠤ ᠦᠶ᠎ᠡ ᠶᠢᠨ ᠠᠬᠤᠢ ᠲᠠᠯᠠᠪᠠᠢ ᠶᠢᠨ ᠪᠠᠶᠢᠳᠠᠯ ᠪᠣᠯᠣᠨ ᠰᠡᠳᠬᠢᠴᠡ ᠶᠢᠨ ᠪᠠᠶᠢᠳᠠᠯ ᠢ ᠨᠢ ᠨᠠᠷᠢᠨ ᠣᠶᠢᠯᠠᠭᠠᠬᠤ ᠶᠢᠨ ᠬᠠᠮᠲᠤ ᠶᠠᠩ ᠵᠢᠶᠠ ᠢᠦᠢ ᠶᠢᠨ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠯᠣᠭᠰᠠᠨ ᠰᠢᠯᠢᠳᠡᠭ ᠬᠢᠷᠢ ᠪᠦᠲᠦᠮᠵᠢ ᠳᠤ ᠬᠠᠯᠠᠭᠤᠨ ᠪᠠᠶᠠᠷ ᠬᠦᠷᠭᠡᠵᠦ᠂ ᠥᠪᠡᠷ ᠤᠨ ᠤᠷᠤᠯᠳᠤᠭᠠᠨ ᠤ ᠲᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠶᠢᠰᠢᠳᠠ ᠶᠢᠨ ᠤᠷᠤᠯᠳᠤᠭᠠᠨ ᠳᠤ ᠳᠠᠬᠢᠨᠲᠠ ᠰᠢᠯᠢᠳᠡᠭ ᠬᠢᠷᠢ ᠪᠦᠲᠦᠮᠵᠢ ᠤᠯᠬᠤ ᠶᠢ ᠬᠦᠰᠡᠪᠡ᠃      ᠶᠠᠩ ᠵᠢᠶᠠ ᠢᠦᠢ ᠢᠯᠡᠷᠭᠡᠶᠢᠯᠡᠭᠰᠡᠨ ᠨᠢ᠂ ᠡᠨᠡ ᠤᠳᠠᠭ᠎ᠠ ᠦᠬᠠᠢ ᠳᠤ ᠪᠤᠴᠠᠵᠤ ᠢᠷᠡᠭᠰᠡᠨ ᠳᠤ ᠮᠠᠰᠢ ᠳᠣᠲᠣᠨᠣ ᠰᠠᠨᠠᠭᠳᠠᠵᠤ᠂ ᠨᠤᠲᠤᠭ ᠤᠨ ᠠᠬ᠎ᠠ ᠳᠡᠭᠦᠦ ᠨᠠᠷ ᠲᠡᠬᠦᠨ ᠳᠤ ᠲᠤᠶᠢᠯ ᠤᠨ ᠶᠡᠭᠡ ᠵᠣᠷᠢᠭᠵᠢᠭᠤᠯᠤᠯ ᠥᠭᠴᠡᠢ᠂ ᠵᠠᠯᠭᠠᠭᠠᠳ ᠲᠡᠷᠡ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠪᠡᠯᠡᠳᠬᠡᠵᠦ᠂ ᠡᠬᠡ ᠤᠯᠤᠰ ᠲᠠᠭᠠᠨ ᠢᠷᠠᠭᠤ ᠠᠯᠳᠠᠷ ᠣᠯᠭᠤᠵᠤ᠂ ᠨᠤᠲᠤᠭ ᠤᠰᠤᠨ ᠳᠠᠭᠠᠨ ᠥᠩᠭᠡ ᠭᠡᠷᠡᠯ ᠨᠡᠮᠡᠷᠢᠯᠡᠬᠦ ᠪᠠᠷ ᠴᠢᠷᠮᠠᠶᠢᠨ᠎ᠠ ᠭᠡᠵᠡᠢ᠃      ᠣᠶᠢᠯᠠᠭᠠᠭᠰᠠᠨ ᠢᠶᠠᠷ᠂ 9 ᠰᠠᠷ᠎ᠠ ᠶᠢᠨ 29 ᠤ ᠡᠳᠦᠷ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠮᠡᠭᠲᠡᠢ ᠶᠢᠨ 20 ᠺᠢᠯᠣᠮᠧᠲᠷ ᠤᠨ ᠠᠯᠬᠤᠭ᠎ᠠ ᠤᠷᠤᠯᠳᠤᠭᠠᠨ ᠳᠤ᠂ ᠮᠠᠨ ᠤ ᠬᠤᠲᠠ ᠳᠤ ᠲᠥᠷᠥᠭᠰᠡᠨ ᠶᠠᠩ ᠵᠢᠶᠠ ᠢᠦᠢ ᠳᠤᠮᠳᠠᠳᠤ ᠤᠯᠤᠰ ᠤᠨ ᠲᠦᠯᠦᠭᠡᠯᠡᠭᠴᠢᠳ ᠤᠨ ᠠᠩᠭᠢ ᠶᠢ ᠲᠦᠯᠦᠭᠡᠯᠡᠵᠦ᠂ 1 ᠴᠠᠭ 30 ᠮᠢᠨᠦ᠋ᠲ 03 ᠰᠧᠺᠦ᠋ᠨ᠋ᠳ᠋ ᠤᠨ ᠬᠢᠷᠢ ᠪᠦᠲᠦᠮᠵᠢ ᠪᠠᠷ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠠᠩᠯᠠᠢ ᠳᠤ ᠰᠢᠯᠭᠠᠷᠠᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号