ᠬᠤᠲᠠ ᠶᠢᠨ ᠤᠳᠤᠷᠢᠳᠤᠯᠭ᠎ᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠢᠭ ᠲᠤ ᠬᠦᠷᠴᠦ ᠭᠤᠣᠯ ᠰᠡᠳᠦᠪᠲᠦ ᠬᠥᠮᠦᠵᠢᠯ ᠤᠨ ᠲᠤᠬᠠᠢ ᠤᠬᠠᠭᠤᠯᠤᠨ ᠲᠠᠶᠢᠯᠪᠤᠷᠢᠯᠠᠪᠡ
ᠨᠡᠶᠢᠲᠡᠯᠡᠭᠰᠡᠨ ᠴᠠᠭ᠄
2023/10/10
     10 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠢᠭ ᠪᠤᠯᠬᠤ ᠬᠠᠶᠢᠷᠤᠪ ᠤᠨ ᠲᠣᠬᠤᠢ ᠶᠢᠨ ᠬᠤᠳᠠ ᠶᠢᠨ ᠤᠰᠤ ᠬᠠᠩᠭᠠᠬᠤ ᠬᠢᠵᠠᠭᠠᠷᠲᠤ ᠺᠣᠮᠫᠠᠨᠢ ᠳᠤ ᠬᠦᠷᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠬᠠᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠤᠬᠠᠭᠤᠯᠤᠨ ᠲᠠᠶᠢᠯᠪᠤᠷᠢᠯᠠᠬᠤ ᠳᠠᠭᠠᠨ ᠵᠢᠶᠠ ᠴᠢᠩ ᠳ᠋ᠦᠩ ᠴᠠᠭ ᠦᠶ᠎ᠡ ᠶᠢᠨ ᠠᠬᠤᠢ ᠪᠠᠶᠢᠳᠠᠯ᠂ ᠰᠢᠨᠵᠢᠯᠡᠬᠦ ᠤᠬᠠᠭᠠᠨ ᠤ ᠰᠢᠰᠲ᠋ᠧᠮ᠂ ᠭᠤᠣᠯ ᠴᠢᠬᠤᠯᠠ ᠠᠭᠤᠯᠭ᠎ᠠ᠂ ᠴᠢᠬᠤᠯᠠ ᠶᠡᠭᠡ ᠠᠴᠢ ᠬᠤᠯᠪᠣᠭᠳᠠᠯ᠂ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠲᠠᠯ᠎ᠠ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠲᠤᠬᠠᠢ ᠭᠦᠨᠵᠡᠭᠡᠢ ᠲᠠᠶᠢᠯᠤᠮᠵᠢ ᠬᠢᠵᠡᠢ᠃      ᠵᠢᠶᠠ ᠴᠢᠩ ᠳ᠋ᠦᠩ ᠬᠡᠯᠡᠭᠰᠡᠨ ᠨᠢ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨ ᠬᠦ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠠᠯ᠎ᠠ ᠪᠦᠬᠦᠨ ᠳᠤ ᠢᠯᠡᠷᠡᠭᠦᠯᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ᠂ ᠠᠵᠢᠯ ᠤᠨ ᠳᠤᠮᠳᠠᠬᠢ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠰᠤᠷᠤᠯᠴᠠᠬᠤ ᠶᠢᠨ ᠳᠠᠭᠠᠤ ᠬᠠᠷᠢᠴᠠᠭᠤᠯᠬᠤ᠂ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠷᠭᠡᠨ ᠤᠯᠠᠨ ᠲᠦᠮᠡᠨ ᠳᠤ ᠨᠡᠩ ᠳᠥᠭᠦᠮ ᠳᠥᠲᠡ᠂ ᠨᠡᠩ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号