BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠶ᠎ᠠ
ᠨᠡᠶᠢᠲᠡᠯᠡᠭᠰᠡᠨ ᠴᠠᠭ᠄
2023/10/11
         —  ᠳᠤᠮᠳᠠᠳᠤ ᠤᠯᠤᠰ ᠤᠨ ᠴᠢᠯᠠᠭᠤᠨ ᠲᠣᠰᠣ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠵᠣᠣ ᠵᠢᠶᠦ᠋ᠨ ᠬᠦᠢ ᠶᠢ ᠰᠤᠷᠪᠤᠯᠵᠢᠯᠠᠭᠰᠠᠨ ᠨᠢ

     10 ᠰᠠᠷ᠎ᠠ ᠶᠢᠨ 10 ᠤ ᠡᠳᠦᠷ᠂ ᠣᠯᠠᠨ ᠤ ᠠᠩᠬᠠᠷᠤᠯ ᠢ ᠲᠠᠲᠠᠭᠰᠠᠨ 2023 ᠳᠤᠮᠳᠠᠳᠤ ᠤᠯᠤᠰ ︵ᠦᠬᠠᠢ︶

 ᠤᠨ ᠬᠤᠶᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ

ᠬᠦᠭᠵᠢᠬᠦᠯᠦᠯᠳᠡ ᠶᠢᠨ ᠶᠡᠭᠡ ᠬᠤᠷᠠᠯ ᠮᠠᠨ ᠤ ᠬᠤᠲᠠ ᠳᠤ ᠶᠠᠪᠤᠭᠳᠠᠪᠠ᠃ ᠬᠤᠷᠠᠯ ᠤᠨ ᠬᠤᠭᠤᠴᠠᠭᠠᠨ ᠳᠤ᠂

ᠰᠤᠷᠪᠤᠯᠵᠢᠯᠠᠭᠴᠢ ᠳᠤᠮᠳᠠᠳᠤ ᠤᠯᠤᠰ ᠤᠨ ᠴᠢᠯᠠᠭᠤᠨ ᠲᠣᠰᠣ ᠪᠣᠯᠣᠨ ᠬᠢᠮᠢ ᠶᠢᠨ ᠠᠵᠤ ᠦᠢᠯᠡᠳᠪᠦᠷᠢ ᠶᠢᠨ

ᠬᠤᠯᠪᠣᠭᠠᠲᠤ ᠬᠤᠷᠠᠯ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠵᠤᠤ ᠵᠢᠶᠦ᠋ᠨ ᠬᠦᠢ ᠶᠢ

ᠲᠤᠰᠬᠠᠶᠢᠯᠠᠨ ᠰᠤᠷᠪᠤᠯᠵᠢᠯᠠᠪᠠ᠃

     ᠵᠣᠣ ᠵᠢᠶᠦ᠋ᠨ ᠬᠦᠶ ᠬᠡᠯᠡᠭᠰᠡᠨ ᠨᠢ᠂ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠪᠣᠯ ᠤᠯᠤᠰ ᠤᠨ

ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠢᠭᠡ ᠮᠥᠨ᠂ ᠢᠯᠠᠩᠭᠤᠶ᠎ᠠ

︽ᠬᠤᠣᠰ ᠨᠡᠭᠦᠷᠡᠰᠦᠲᠥ᠋ᠷᠥᠭᠴᠢ︾ ᠶᠢᠨ ᠠᠬᠤᠢ ᠪᠠᠶᠢᠳᠠᠯ ᠳᠣᠣᠷ᠎ᠠ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ᠂

ᠵᠠᠬ᠎ᠠ ᠳᠡᠯᠭᠡᠭᠦᠷ ᠤᠨ ᠣᠷᠣᠨ ᠵᠠᠢ ᠥᠷᠭᠡᠨ ᠠᠭᠤᠳᠠᠮ ᠪᠠᠶᠢᠳᠠᠭ᠃ ᠣᠶᠢᠷ᠎ᠠ ᠶᠢᠨ ᠵᠢᠯ ᠠᠴᠠ ᠨᠠᠰᠢ᠂ ᠦᠬᠠᠢ

ᠬᠤᠳᠠ ᠶᠢᠨ ᠬᠢᠨ ᠵᠠᠳᠠᠷᠠᠵᠤ ᠪᠣᠯᠬᠤ ᠰᠦᠯᠢᠶᠥᠦ ᠪᠠᠷ ᠭᠤᠣᠯ ᠴᠢᠭᠯᠡᠯ ᠪᠣᠯᠭᠠᠭᠰᠠᠨ ᠰᠢᠨ᠎ᠡ ᠮᠠᠲ᠋ᠧᠷᠢᠶᠠᠯ ᠤᠨ ᠪᠦᠬᠦ

ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠭᠠᠵᠠᠷ ᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠭᠤᠣᠯ

ᠰᠢᠪᠲᠤᠯᠤᠯᠲᠠ ᠶᠢᠨ ᠴᠢᠭᠯᠡᠯ ᠪᠣᠯᠭᠠᠵᠤ᠂ ᠳ᠋ᠦᠩ ᠶᠤᠸᠠᠨ᠂ ᠰᠠᠨ ᠸᠧᠢ ᠵᠡᠷᠭᠡ BDO ᠶᠢ ᠨᠢᠭᠡ ᠴᠣᠭᠴᠠᠵᠢᠭᠤᠯᠬᠤ

ᠵᠢᠴᠢ ᠳᠣᠣᠷᠠᠳᠤ ᠤᠷᠤᠰᠬᠠᠯ ᠤᠨ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠵᠠᠯᠭᠠᠭ᠎ᠠ ᠪᠠᠷ ᠪᠠᠶᠢᠭᠤᠯᠵᠤ

ᠠᠰᠢᠭᠯᠠᠯᠲᠠ ᠳᠤ ᠣᠷᠣᠭᠤᠯᠬᠤ ᠶᠢ ᠳᠠᠭᠠᠯᠳᠤᠨ᠂ ᠵᠢᠱᠢᠯᠲᠡ ᠪᠠᠷ 2025 ᠣᠨ ᠪᠣᠯᠬᠤ ᠳᠤ᠂ BDO ᠶᠢᠨ

ᠶᠡᠷᠦᠩᠬᠡᠢ ᠦᠢᠯᠡᠳᠪᠦᠷᠢᠯᠡᠬᠦ ᠴᠢᠳᠠᠪᠤᠷᠢ ᠪᠠᠷᠤᠭ 250 ᠲᠦᠮᠡᠨ ᠲᠣᠨ ᠬᠦᠷᠴᠦ᠂ ᠪᠥᠬᠦ ᠤᠯᠤᠰ ᠤᠨ BDO ᠶᠢᠨ

ᠶᠡᠷᠦᠩᠬᠡᠢ ᠦᠢᠯᠡᠳᠪᠦᠷᠢᠯᠡᠬᠦ ᠴᠢᠳᠠᠪᠤᠷᠢ ᠶᠢᠨ 20% ᠠᠴᠠ ᠳᠡᠭᠡᠭᠰᠢᠬᠢ ᠶᠢ ᠡᠵᠡᠯᠡᠵᠦ᠂ ᠦᠬᠠᠢ ᠬᠤᠲᠠ ᠨᠢ

ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ ᠦᠢᠯᠡᠳᠪᠦᠷᠢᠯᠡᠬᠦ ᠴᠢᠳᠠᠪᠤᠷᠢ ᠲᠠᠢ᠂ ᠪᠥᠬᠦ ᠤᠯᠤᠰ ᠤᠨ ᠨᠥᠯᠥᠭᠡᠯᠡᠬᠦ

ᠬᠦᠴᠦᠨ ᠤ ᠥᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠦᠭᠡ ᠬᠡᠯᠡᠬᠦ ᠡᠷᠬᠡ ᠲᠠᠢ ᠵᠠᠳᠠᠷᠠᠵᠤ ᠪᠣᠯᠬᠤ

ᠰᠦᠯᠢᠶᠥᠦ ᠶᠢᠨ ᠠᠵᠤ ᠦᠢᠯᠡᠰ ᠤᠨ ᠰᠠᠭᠤᠷᠢᠨ ᠭᠠᠵᠠᠷ ᠪᠣᠯᠬᠤ ᠪᠣᠯᠣᠨ᠎ᠠ ᠭᠡᠵᠡᠢ᠃

     ᠵᠤᠤ ᠵᠢᠶᠦ᠋ᠨ ᠬᠦᠢ ᠢᠯᠡᠷᠭᠡᠶᠢᠯᠡᠭᠰᠡᠨ ᠨᠢ᠂ ᠦᠬᠠᠢ ᠬᠤᠳᠠ ᠶᠢᠨ ᠬᠢᠨ ᠵᠠᠳᠠᠷᠠᠵᠤ ᠪᠣᠯᠬᠤ ᠰᠦᠯᠢᠶᠥᠦ ᠶᠢᠨ

ᠠᠵᠤ ᠦᠢᠯᠡᠰ ᠢ ᠬᠥᠭᠵᠢᠭᠦᠯᠬᠦ ᠳᠤ ᠡᠬᠢ ᠪᠠᠶᠠᠯᠢᠭ᠂ ᠥᠪᠡᠷ ᠤᠨ ᠦᠷᠳᠡᠭ᠂ ᠣᠷᠣᠨ ᠪᠠᠶᠢᠷᠢ ᠵᠡᠷᠭᠡ ᠲᠠᠯ᠎ᠠ ᠪᠠᠷ

ᠢᠯᠡᠳᠲᠡ ᠳᠠᠪᠠᠭᠤᠯᠢᠭ ᠲᠠᠢ ᠪᠠᠶᠢᠬᠤ ᠪᠠᠷ ᠪᠠᠷᠠᠬᠤ ᠦᠭᠡᠢ ᠪᠠᠰᠠ ᠲᠦᠷᠦ ᠶᠢᠨ ᠪᠣᠳᠣᠯᠭ᠎ᠠ᠂ ᠠᠵᠤ ᠦᠢᠯᠡᠰ᠂

ᠡᠯᠧᠮᠧᠨ᠋ᠲ ᠤᠨ ᠪᠠᠲᠤᠯᠠᠭ᠎ᠠ ᠵᠡᠷᠭᠡ ᠳᠠᠪᠠᠭᠤᠯᠢᠭ ᠢ ᠡᠵᠡᠮᠳᠡᠵᠦ᠂ ᠵᠠᠳᠠᠷᠠᠵᠤ ᠪᠣᠯᠬᠤ ᠰᠦᠯᠢᠶᠥᠦ ᠶᠢᠨ ᠠᠵᠤ ᠦᠢᠯᠡᠰ ᠢ

ᠤᠷᠢᠳᠠᠪᠠᠷ ᠬᠥᠭᠵᠢᠭᠦᠯᠬᠦ ᠰᠠᠭᠤᠷᠢ ᠲᠠᠢ᠂ ᠨᠥᠬᠦᠴᠡᠯ ᠲᠠᠢ ᠶᠤᠮ᠃ ᠲᠣᠰ ᠤᠳᠠᠭᠠᠨ ᠤ ᠶᠡᠭᠡ ᠬᠤᠷᠠᠯ ᠳᠡᠭᠡᠷ᠎ᠡ᠂ ᠦᠬᠠᠢ

ᠬᠤᠲᠠ ᠶᠢᠨ BDO ᠠᠵᠢᠯ ᠲᠥᠷᠥᠯ ᠤᠨ ᠨᠡᠶᠢᠭᠡᠮᠯᠢᠭ ᠢ ᠪᠠᠶᠢᠭᠤᠯᠵᠤ᠂ ᠦᠬᠠᠢ ᠬᠤᠲᠠ ᠶᠢᠨ ᠠᠷᠠᠳ ᠤᠨ

ᠵᠠᠰᠠᠭ ᠤᠨ ᠣᠷᠳᠣᠨ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ

ᠬᠤᠯᠪᠣᠭᠠᠲᠤ ᠬᠤᠷᠠᠯ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠦᠬᠠᠢ ᠶᠢᠨ

BDO ᠦᠢᠯᠡᠳᠬᠦᠨ ᠤ ᠠᠷᠠᠯᠵᠢᠶᠠᠨ ᠤ ᠲᠥᠪ᠂ ᠪᠠᠷᠢᠮᠵᠢᠶᠠᠲᠤ ᠰᠤᠳᠤᠯᠭᠠᠨ ᠤ ᠲᠥᠪ ᠢ ᠪᠠᠶᠢᠭᠤᠯᠬᠤ ᠲᠤᠬᠠᠢ

ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠂ ᠡᠨᠡ ᠨᠢ ᠦᠬᠠᠢ ᠬᠤᠲᠠ ᠶᠢᠨ BDO

ᠠᠵᠤ ᠦᠢᠯᠡᠰ ᠤᠨ ᠵᠢᠷᠤᠮᠵᠢᠭᠤᠯᠤᠯᠲᠠ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠠᠰᠢ ᠰᠠᠶᠢᠨ ᠡᠬᠢᠯᠡᠯᠲᠡ

ᠪᠣᠯᠬᠤ ᠶᠤᠮ᠃ ᠦᠬᠠᠢ ᠬᠤᠳᠠ ᠶᠢᠨ BDO ᠠᠵᠤ ᠦᠢᠯᠡᠰ ᠠᠯᠢ ᠲᠦᠷᠭᠡᠨ ᠢᠶᠠᠷ ᠳᠤᠮᠳᠠᠳᠤ ᠤᠯᠤᠰ

ᠴᠢᠨᠠᠭᠰᠢᠯᠠᠪᠠᠯ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠵᠣ᠂ ᠳᠤᠮᠳᠠᠳᠤ ᠤᠯᠤᠰ ᠤᠨ BDO ᠠᠵᠤ ᠦᠢᠯᠡᠰ ᠤᠨ

ᠨᠡᠩ ᠰᠠᠶᠢᠲᠤᠷ ᠦᠷᠭᠦᠯᠵᠢᠯᠡᠨ ᠬᠥᠭᠵᠢᠬᠦ ᠶᠢ ᠬᠥᠲᠥᠯᠥᠨ ᠳᠠᠭᠠᠭᠤᠯᠬᠤ ᠶᠢ ᠬᠦᠰᠡᠨ ᠵᠥᠩᠨᠡᠵᠦ ᠪᠠᠶᠢᠨ᠎ᠠ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号