ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠶ᠎ᠡ
ᠨᠡᠶᠢᠲᠡᠯᠡᠭᠰᠡᠨ ᠴᠠᠭ᠄
2023/10/11
         — ᠤᠷᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠹᠢᠽᠢᠺ ᠬᠢᠮᠢ ᠶᠢᠨ ᠮᠡᠷᠭᠡᠵᠢᠯ ᠤᠨ ᠰᠤᠳᠤᠯᠭᠠᠨ ᠤ ᠭᠠᠵᠠᠷ ᠤᠨ ᠰᠤᠳᠤᠯᠤᠭᠴᠢ ᠵᠢᠢ ᠵᠢᠶᠦ᠋ᠨ ᠾᠦᠢ ᠶᠢ ᠰᠤᠷᠪᠤᠯᠵᠢᠯᠠᠭᠰᠠᠨ ᠨᠢ

     10 ᠰᠠᠷ᠎ᠠ ᠶᠢᠨ 10 ᠤ ᠡᠳᠦᠷ᠂ ᠤᠷᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳᠤᠮᠳᠠᠳᠤ

ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠹᠢᠽᠢᠺ ᠬᠢᠮᠢ ᠶᠢᠨ ᠮᠡᠷᠭᠡᠵᠢᠯ ᠤᠨ ᠰᠤᠳᠤᠯᠭᠠᠨ ᠤ ᠭᠠᠵᠠᠷ ᠤᠨ

ᠰᠤᠳᠤᠯᠤᠭᠴᠢ ᠵᠢᠢ ᠵᠢᠶᠦ᠋ᠨ ᠾᠦᠢ ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ

ᠬᠡᠯᠡᠭᠰᠡᠨ ᠨᠢ᠂ ᠪᠢᠳᠡᠨ ᠤ ᠵᠠᠳᠠᠷᠠᠵᠤ ᠪᠤᠯᠬᠤ ᠰᠦᠯᠢᠶᠥᠦ ᠶᠢ ᠰᠤᠳᠤᠯᠤᠨ ᠨᠡᠭᠡᠭᠡᠬᠦ ᠶᠠᠪᠤᠴᠠ ᠳᠤ ᠲᠤᠯᠭᠠᠷᠠᠭᠰᠠᠨ

ᠮᠡᠷᠭᠡᠵᠢᠯ ᠪᠣᠯᠣᠨ ᠵᠠᠬ᠎ᠠ ᠳᠡᠯᠭᠡᠭᠦᠷ ᠢ ᠥᠷᠭᠡᠳᠬᠡᠬᠦ ᠲᠠᠯ᠎ᠠ ᠪᠠᠷ ᠬᠢ ᠬᠦᠴᠢᠷᠳᠡᠯ ᠨᠢ ᠠᠵᠤ ᠦᠢᠯᠡᠰ ᠪᠣᠯᠣᠨ

ᠮᠡᠷᠭᠡᠵᠢᠯ ᠤᠨ ᠠᠴᠢᠶᠠᠯᠠᠪᠤᠷᠢ ᠶᠢ ᠱᠠᠭᠠᠷᠳᠠᠨ᠎ᠠ᠂ ᠠᠵᠤ ᠠᠬᠤᠶᠢᠯᠠᠯ ᠣᠷᠣᠯᠴᠠᠪᠠᠯ ᠮᠠᠨ ᠤ ᠮᠡᠷᠭᠡᠵᠢᠯ ᠢᠶᠠᠨ ᠨᠡᠩ

ᠰᠠᠶᠢᠲᠤᠷ ᠵᠠᠰᠠᠵᠤ ᠴᠢᠳᠠᠨ᠎ᠠ᠂ ᠦᠬᠠᠢ ᠬᠤᠳᠠ ᠡᠨᠡ ᠲᠠᠯ᠎ᠠ ᠪᠠᠷ ᠤᠯᠠᠨ ᠠᠴᠠ ᠣᠨᠴᠠᠭᠠᠢ ᠳᠠᠪᠠᠭᠤᠯᠢᠭ ᠲᠠᠯ᠎ᠠ ᠲᠠᠢ

ᠶᠤᠮ ᠭᠡᠵᠡᠢ᠃

     ᠵᠢᠢ ᠵᠢᠶᠦ᠋ᠨ ᠾᠦᠢ ᠤᠷᠲᠦ ᠬᠤᠭᠤᠴᠠᠭ᠎ᠠ ᠪᠠᠷ ᠵᠠᠳᠠᠷᠠᠵᠤ ᠪᠤᠯᠬᠤ ᠰᠦᠯᠢᠶᠥᠦ᠂ ᠴᠢᠳᠠᠮᠵᠢᠲᠤ ᠲᠣᠮᠣ

ᠮᠤᠯᠧᠺᠦᠶᠢᠯᠲᠤ ᠮᠠᠲ᠋ᠧᠷᠢᠶᠠᠯ ᠪᠣᠯᠣᠨ ᠪᠠᠷᠢᠯᠭ᠎ᠠ ᠶᠢᠨ ᠰᠦᠯᠢᠶᠥᠦ ᠶᠢᠨ ᠬᠦᠷᠢᠶᠡᠨ ᠤ ᠰᠤᠳᠤᠯᠭᠠᠨ ᠢ ᠬᠢᠭᠰᠡᠭᠡᠷ ᠢᠷᠡᠵᠡᠢ᠃

ᠲᠡᠷᠡ ᠪᠦᠯᠬᠦᠮ ᠨᠡᠶᠢᠲᠡ ᠲᠠᠢ ᠪᠠᠨ ᠭᠠᠷ ᠤᠷᠠᠯᠠᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠦᠢᠯᠡᠳᠪᠦᠷᠢᠯᠡᠯ ᠤᠨ

ᠶᠠᠪᠤᠴᠠ ᠳᠠᠬᠢ ᠬᠤᠣᠷᠲᠤ ᠪᠣᠳᠠᠰ ᠢ ᠭᠠᠳᠠᠭᠰᠢᠯᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠤᠯᠠᠨ ᠤᠯᠤᠰ ᠤᠨ

PBS/ PBAT ᠤᠨ ᠦᠢᠯᠡᠳᠪᠦᠷᠢᠯᠡᠯ ᠤᠨ ᠭᠤᠣᠯ ᠮᠡᠷᠭᠡᠵᠢᠯ ᠪᠣᠯᠤᠭᠰᠠᠨ ᠪᠠᠶᠢᠨ᠎ᠠ᠃ ᠨᠡᠭᠡᠭᠡᠨ ᠬᠥᠭᠵᠢᠭᠦᠯᠦᠭᠰᠡᠨ

ᠵᠠᠳᠠᠷᠠᠵᠤ ᠪᠤᠯᠬᠤ ᠰᠦᠯᠢᠶᠥᠦ ᠶᠢᠨ ᠬᠠᠶᠢᠯᠤᠰᠢ ᠶᠢᠨ ᠮᠡᠷᠭᠡᠵᠢᠯ ᠪᠠ ᠥᠨᠳᠥᠷ ᠳᠦᠭᠦᠷᠭᠡᠬᠦ ᠮᠡᠷᠭᠡᠵᠢᠯ ᠨᠢ ᠵᠠᠳᠠᠷᠠᠵᠤ

ᠪᠤᠯᠬᠤ ᠲᠤᠰᠬᠠᠢ ᠬᠡᠷᠡᠭᠯᠡᠭᠡᠨ ᠤ ᠮᠠᠲ᠋ᠧᠷᠢᠶᠠᠯ ᠢ ᠬᠢᠮᠳᠠᠷᠠᠭᠤᠯᠬᠤ ᠪᠠ ᠴᠢᠳᠠᠮᠵᠢᠵᠢᠭᠤᠯᠬᠤ ᠶᠢ ᠪᠡᠶᠡᠯᠡᠭᠦᠯᠵᠦ᠂

ᠪᠦᠲᠦᠭᠡᠭᠳᠡᠬᠦᠨ ᠤ ᠤᠯᠠᠨ ᠶᠠᠩᠵᠤᠴᠢᠯᠠᠬᠤ ᠪᠠ ᠥᠪᠡᠷ ᠤᠨ ᠦᠷᠳᠡᠭ ᠢᠶᠠᠷ ᠳᠣᠣᠷ᠎ᠠ ᠪᠠᠶᠢᠬᠤ ᠱᠠᠭᠠᠷᠳᠠᠯᠭ᠎ᠠ ᠳᠤ ᠨᠡᠩ

ᠢᠯᠡᠭᠦᠦ ᠵᠣᠬᠢᠴᠠᠪᠠ᠃

     ᠵᠢᠢ ᠵᠢᠶᠦ᠋ᠨ ᠬᠤᠢ ᠬᠡᠯᠡᠭᠰᠡᠨ ᠨᠢ᠂ ᠵᠠᠳᠠᠷᠠᠵᠤ ᠪᠤᠯᠬᠤ ᠰᠦᠯᠢᠶᠥᠦ ᠶᠢ ᠰᠤᠳᠤᠯᠤᠨ ᠨᠡᠭᠡᠭᠡᠬᠦ ᠶᠠᠪᠤᠴᠠ ᠳᠤ

ᠲᠤᠯᠭᠠᠷᠠᠭᠰᠠᠨ ᠵᠠᠷᠢᠮ ᠬᠦᠴᠢᠷᠳᠡᠯ ᠢ ᠡᠩ ᠤᠨ ᠮᠡᠷᠭᠡᠵᠢᠯ ᠪᠣᠯᠣᠨ ᠠᠷᠭ᠎ᠠ ᠳᠤ ᠲᠦᠰᠢᠭᠯᠡᠭᠡᠳ ᠰᠢᠢᠳᠪᠦᠷᠢᠯᠡᠵᠦ

ᠳᠡᠶᠢᠯᠬᠦ ᠦᠭᠡᠢ ᠶᠤᠮ᠂ ᠡᠶᠢᠮᠦ ᠠᠴᠠ ᠰᠢᠨ᠎ᠡ ᠮᠡᠷᠭᠡᠵᠢᠯ ᠢ ᠬᠡᠷᠡᠭᠯᠡᠬᠦ᠂ ᠰᠢᠨ᠎ᠡ ᠤᠷᠠᠯᠠᠯ ᠢ ᠨᠡᠭᠡᠭᠡᠬᠦ᠂ ᠰᠢᠨ᠎ᠡ ᠮᠠᠲ᠋ᠧᠷᠢᠶᠠᠯ

ᠲᠤᠷᠰᠢᠬᠤ ᠵᠡᠷᠭᠡ ᠶᠢ ᠬᠡᠷᠡᠭᠯᠡᠬᠦ ᠬᠡᠷᠡᠭᠲᠡᠢ᠂ ᠢᠩᠭᠢᠪᠡᠯ ᠮᠡᠷᠭᠡᠵᠢᠯ ᠤᠨ ᠲᠠᠯ᠎ᠠ ᠪᠠᠷ ᠬᠢ ᠬᠦᠴᠢᠷᠳᠡᠯ ᠨᠢ ᠰᠢᠨ᠎ᠡ ᠶᠢ

ᠡᠭᠦᠳᠬᠦ‍ ᠴᠢᠭ ᠪᠣᠯᠣᠨ᠎ᠠ᠃ ᠦᠬᠠᠢ ᠬᠤᠳᠠ ᠶᠢᠨ ᠬᠢᠨ ᠤᠯᠤᠰ ᠤᠨ ᠰᠦᠯᠢᠶᠤᠤ ᠶᠢ ᠬᠢᠵᠠᠭᠠᠷᠯᠠᠬᠤ ᠵᠠᠷᠯᠢᠭ ᠢ

ᠬᠡᠷᠡᠭᠵᠢᠭᠦᠯᠬᠦ᠂ ᠴᠠᠭᠠᠨ ᠪᠣᠬᠢᠷᠲᠤᠯ ᠢ ᠵᠠᠰᠠᠬᠤ ᠠᠰᠢᠭᠲᠠᠢ ᠠᠵᠠ ᠲᠣᠬᠢᠶᠠᠯ ᠢ ᠴᠢᠩᠭ᠎ᠠ ᠠᠳᠬᠤᠵᠤ᠂ BDO ᠠᠵᠤ

ᠦᠢᠯᠡᠰ ᠤᠨ ᠬᠡᠪᠴᠢᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠬᠥᠲᠥᠯᠥᠨ

ᠵᠢᠯᠤᠭᠤᠳᠴᠤ ᠪᠠᠶᠢᠭᠠᠳ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠦᠷᠳᠡᠭ ᠤᠨ ᠬᠡᠯᠬᠢᠶ᠎ᠡ ᠪᠠᠨ

ᠳᠡᠭᠡᠭᠰᠢᠯᠡᠭᠦᠯᠵᠦ᠂ ᠥᠷᠢᠰᠦᠯᠳᠦᠬᠦ ᠬᠦᠴᠦᠨ ᠢᠶᠠᠨ ᠨᠡᠮᠡᠭᠳᠡᠭᠦᠯᠵᠦ᠂ BDO ᠶᠢᠨ ᠬᠤᠯᠪᠣᠭᠳᠠᠯ ᠪᠦᠬᠦᠢ ᠠᠵᠤ

ᠦᠢᠯᠡᠰ ᠤᠨ ᠪᠦᠯᠦᠭᠵᠢᠯ ᠢ ᠲᠦᠷᠭᠡᠨ ᠪᠦᠷᠢᠯᠳᠦᠭᠦᠯᠪᠡ᠂ ᠡᠨᠡ ᠨᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠳᠤ

ᠮᠠᠰᠢ ᠠᠰᠢᠭᠲᠠᠢ ᠶᠤᠮ᠃ ᠦᠬᠠᠢ ᠶᠢᠨ BDO ᠵᠢᠴᠢ ᠵᠠᠳᠠᠷᠠᠵᠤ ᠪᠣᠯᠬᠤ ᠰᠦᠯᠢᠶᠥᠦ ᠶᠢ ᠦᠢᠯᠡᠳᠪᠦᠷᠢᠯᠡᠬᠦ ᠠᠵᠤ

ᠠᠬᠤᠶᠢᠯᠠᠯ ᠲᠠᠢ ᠭᠦᠨᠵᠡᠭᠡᠢ ᠬᠠᠮᠲᠤᠷᠠᠯᠴᠠᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ

ᠲᠥᠪ ᠲᠤ ᠬᠠᠮᠲᠤᠷᠠᠭᠰᠠᠨ ᠰᠤᠳᠤᠯᠭᠠᠨ ᠤ ᠲᠥᠪ ᠪᠤᠶᠤ ᠲᠤᠷᠰᠢᠯᠲᠠ ᠶᠢᠨ ᠲᠠᠰᠤᠭ ᠪᠠᠶᠢᠭᠤᠯᠵᠤ᠂ ᠦᠢᠯᠡᠳᠦᠯᠭᠡ ᠶᠢᠨ

ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ

ᠬᠦᠰᠡᠵᠦ ᠪᠠᠶᠢᠨ᠎ᠠ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号