ᠥᠪᠥᠷ ᠮᠣᠩᠭᠤᠯ ᠤᠨ ᠭᠤᠸᠠᠩ ᠶᠤᠸᠠᠨ ᠴᠠᠬᠢᠭᠤᠷ ᠢᠶᠠᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 10 ᠲᠦᠮᠡᠨ ᠲᠣᠨ ᠮᠥᠬᠦᠯᠢᠭᠲᠦ ᠴᠠᠬᠢᠭᠤᠷ ᠦᠢᠯᠡᠳᠪᠦᠷᠢᠯᠡᠬᠦ ᠪᠠ 15 ᠲᠦᠮᠡᠨ ᠲᠣᠨ ᠨᠠᠨᠦᠮᠧᠲᠷ ᠤᠨ ᠴᠠᠬᠢᠭᠤᠷ ᠦᠢᠯᠡᠳᠪᠦᠷᠢᠯᠡᠬᠦ ᠲᠥᠷᠥᠯ ᠵᠦᠢᠯ ᠤᠨ ᠭᠡᠷ᠎ᠡ ᠲᠣᠭᠲᠠᠬᠤ ᠵᠢᠴᠢ ᠠᠵᠢᠯ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/10/11
     10 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠭᠤᠸᠠᠩ ᠶᠤᠸᠠᠨ ᠴᠠᠬᠢᠭᠤᠷ ᠢᠶᠠᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 10 ᠲᠦᠮᠡᠨ ᠲᠣᠨ ᠮᠥᠬᠦᠯᠢᠭᠲᠦ ᠴᠠᠬᠢᠭᠤᠷ ᠦᠢᠯᠡᠳᠪᠦᠷᠢᠯᠡᠬᠦ ᠪᠠ 15 ᠲᠦᠮᠡᠨ ᠲᠣᠨ ᠨᠠᠨᠦᠮᠧᠲᠷ ᠤᠨ ᠴᠠᠬᠢᠭᠤᠷ ᠦᠢᠯᠡᠳᠪᠦᠷᠢᠯᠡᠬᠦ ᠲᠥᠷᠥᠯ ᠵᠦᠢᠯ ᠤᠨ ᠭᠡᠷ᠎ᠡ ᠲᠣᠭᠲᠠᠬᠤ ᠵᠢᠴᠢ ᠠᠵᠢᠯ ᠡᠬᠢᠯᠡᠬᠦ ᠶᠣᠰᠣᠯᠠᠯ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠶᠣᠰᠣᠯᠠᠯ ᠳᠤ ᠣᠷᠣᠯᠴᠠᠭᠰᠠᠨ ᠪᠥᠭᠡᠳ ᠲᠦᠷᠦᠯ ᠵᠦᠢᠯ ᠤᠨ ᠠᠵᠢᠯ ᠡᠬᠢᠯᠡᠭᠰᠡᠨ ᠢ ᠵᠠᠷᠯᠠᠪᠠ᠃ ᠬᠤᠲᠠ ᠶᠢᠨ ᠳᠡᠳ᠋ ᠳᠠᠷᠤᠭ᠎ᠠ ᠭᠤᠣ ᠪᠥᠸᠧ ᠪᠠᠶᠠᠷ ᠤᠨ ᠦᠭᠡ ᠬᠡᠯᠡᠪᠡ᠃      ᠭᠤᠣ ᠪᠥᠸᠧ ᠪᠠᠶᠠᠷ ᠤᠨ ᠦᠭᠡ ᠳᠡᠭᠡᠨ ᠬᠡᠯᠡᠭᠰᠡᠨ ᠨᠢ᠂ ᠣᠶᠢᠷ᠎ᠠ ᠶᠢᠨ ᠵᠢᠯ ᠳᠤ᠂ ᠦᠬᠠᠢ ᠬᠤᠲᠠ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠵᠡᠷᠭᠡ ᠳᠠᠪᠠᠭᠤᠯᠢᠭ ᠨᠥᠬᠦᠴᠡᠯ ᠳᠡᠭᠡᠨ ᠰᠠᠭᠤᠷᠢᠯᠠᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠠᠭᠢᠭᠤᠷ ᠢᠶᠠᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠵᠢᠯ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ᠂ ᠤᠳᠤ ᠦᠶ᠎ᠡ ᠶᠢᠨ ᠡᠨᠧᠷᠭᠢ᠂ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠤᠯᠠᠨ ᠲᠠᠯᠠᠰᠲᠤ ᠴᠠᠬᠢᠭᠤᠷ᠂ ᠲᠠᠩ ᠲᠠᠯᠠᠰᠲᠤ ᠴᠠᠬᠢᠭᠤᠷ᠂ ᠮᠥᠬᠦᠯᠢᠭᠲᠦ ᠴᠠᠬᠢᠭᠤᠷ ᠤᠨ ᠲᠦᠷᠦᠯ ᠵᠦᠢᠯ ᠢ ᠵᠣᠬᠢᠰᠲᠠᠢ ᠪᠠᠶᠢᠷᠢᠰᠢᠭᠤᠯᠵᠤ᠂ ᠳᠣᠣᠷᠠᠳᠤ ᠤᠷᠤᠰᠬᠠᠯ ᠤᠨ ᠬᠡᠷᠴᠢᠮᠡᠯ᠂ ᠨᠡᠷᠡᠨ ᠡᠨᠧᠷᠭᠢ ᠶᠢᠨ ᠳ᠋ᠢᠶᠠᠨ ᡂᠢ ᠶᠢᠨ ᠲᠤᠨᠤᠭ ᠲᠥᠬᠦᠭᠡᠷᠦᠮᠵᠢ ᠵᠡᠷᠭᠡ ᠢᠵᠢ ᠪᠦᠷᠢᠳᠦᠭᠰᠡᠨ ᠠᠵᠤ ᠦᠢᠯᠡᠰ ᠢ ᠢᠳᠡᠪᠬᠢᠲᠡᠢ ᠣᠷᠣᠭᠤᠯᠤᠨ ᠠᠪᠴᠢᠷᠠᠵᠤ᠂ ᠴᠠᠬᠢᠭᠤᠷ ᠢᠶᠠᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠵᠢᠯ ᠤᠨ ᠲᠥᠯᠥᠪᠰᠢᠷᠡᠯ ᠢ ᠪᠤᠢ ᠪᠤᠯᠭᠠᠪᠠ᠃ ᠭᠤᠸᠠᠩ ᠶᠤᠸᠠᠨ ᠴᠠᠬᠢᠭᠤᠷ ᠢᠶᠠᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠪᠠᠷᠢᠯᠭ᠎ᠠ ᠡᠬᠢᠯᠡᠭᠰᠡᠨ ᠨᠢ ᠦᠬᠠᠢ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠴᠢᠬᠤᠯᠠ ᠪᠣᠬᠢᠷᠲᠤᠯ ᠦᠭᠡᠢ ᠡᠨᠧᠷᠭᠢ ᠰᠢᠩᠭᠡᠭᠡᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠴᠢᠬᠤᠯᠠ ᠬᠤᠪᠢ ᠨᠡᠮᠡᠷᠢ ᠦᠵᠡᠭᠦᠯᠬᠦ ᠨᠢ ᠯᠠᠪᠲᠠᠢ ᠶᠤᠮ᠃ ᠬᠤᠳᠠ ᠶᠢᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠭᠤᠸᠠᠩ ᠶᠤᠸᠠᠨ ᠴᠠᠬᠢᠭᠤᠷ ᠢᠶᠠᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠲᠡᠮᠵᠢᠵᠤ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠵᠦ᠂ ᠰᠡᠳᠬᠢᠯ ᠲᠠᠯᠪᠢᠨ ᠬᠥᠭᠵᠢᠭᠦᠯᠦᠨ᠎ᠡ ᠭᠡᠵᠡᠢ᠃      ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠨᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠲᠦᠭᠦᠬᠡᠢ ᠮᠠᠲ᠋ᠧᠷᠢᠶᠠᠯ ᠤᠨ ᠰᠠᠭᠤᠷᠢ ᠪᠣᠯᠤᠭᠰᠠᠨ ᠤ ᠬᠤᠪᠢ ᠳᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ᠂ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠤᠷᠤᠭᠰᠢᠲᠠᠢ ᠬᠡᠷᠡᠭᠵᠢᠭᠦᠯᠬᠦ ᠳᠤ ᠲᠤᠶᠢᠯ ᠤᠨ ᠴᠢᠬᠤᠯᠠ ᠶᠤᠮ᠃ ᠳᠠᠷᠠᠭᠠᠴᠢ ᠶᠢᠨ ᠠᠯᠬᠤᠮ ᠳᠤ᠂ ᠺᠣᠮᠫᠠᠨᠢ ᠠᠴᠠ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠭᠰᠡᠨ ᠰᠠᠭᠤᠷᠢᠨ ᠳᠡᠭᠡᠷ᠎ᠡ᠂ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠪᠣᠬᠢᠷᠲᠤᠯ ᠦᠭᠡᠢ᠂ ᠣᠶᠤᠨᠴᠢᠯᠠᠭᠰᠠᠨ᠂ ᠳᠡᠭᠡᠳᠦ ᠳᠡᠰ ᠤᠨ ᠬᠡᠪ ᠳᠠᠭᠤᠷᠢᠶᠠᠯ ᠪᠣᠯᠬᠤ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号