ᠲᠠᠩ ᠢ ᠲᠤᠮᠳᠠᠲᠤ ᠣᠯᠣᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠵᠢᠴᠢ ᠲᠤᠮᠳᠠᠲᠤ ᠣᠯᠣᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠮᠳᠠᠲᠤ ᠣᠯᠣᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠭᠴᠢ ᠵᠦ ᠭᠤᠸᠠᠩ ᠰᠢᠶᠠ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/10/11
     10 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠮᠳᠠᠲᠤ ᠣᠯᠣᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠵᠢᠴᠢ ᠲᠤᠮᠳᠠᠲᠤ ᠣᠯᠣᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠮᠳᠠᠲᠤ ᠣᠯᠣᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠭᠴᠢ ᠵᠦ ᠭᠤᠸᠠᠩ ᠰᠢᠶᠠ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠭᠦᠨᠵᠡᠭᠡᠢ ᠣᠯᠣᠯᠴᠠᠭ᠎ᠠ ᠰᠣᠯᠢᠯᠴᠠᠭ᠎ᠠ ᠬᠢᠵᠡᠢ᠃      ᠲᠠᠩ ᠢ ᠵᠦ ᠭᠤᠸᠠᠩ ᠰᠢᠶᠠ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠤᠮᠳᠠᠲᠤ ᠣᠯᠣᠰ  ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠦᠬᠠᠢ ᠶᠢᠨ ᠬᠥᠭᠵᠢᠯᠲᠡ ᠶᠢ ᠶᠡᠬᠡᠪᠡᠷ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠦᠬᠠᠢ ᠬᠤᠳᠠ ᠶᠢᠨ ᠬᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠪᠴᠢᠶ᠎ᠡ ᠲᠠᠰᠤᠷᠠᠯᠳᠡ ᠦᠭᠡᠢ ᠪᠤᠵᠠᠭᠠᠶᠢᠷᠠᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠲᠡᠰ ᠳᠡᠪᠰᠢᠭᠦᠯᠵᠦ᠂ ᠨᠡᠶᠢᠭᠡᠮ ᠤᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠬᠠᠨᠳᠤᠰᠢ ᠡᠷᠴᠢᠮᠲᠡᠢ ᠪᠠᠶᠢᠨ᠎ᠠ᠃ ᠳᠤᠮᠳᠠᠳᠤ ᠤᠯᠤᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠨᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ ᠨᠡᠯᠢᠶᠡᠳ ᠰᠠᠶᠢᠨ ᠬᠥᠭᠵᠢᠯᠲᠡ ᠶᠢᠨ ᠰᠠᠭᠤᠷᠢ ᠪᠠ ᠮᠡᠷᠭᠡᠵᠢᠯ ᠤᠨ ᠳᠠᠪᠠᠭᠤᠯᠢᠭ ᠲᠠᠢ ᠶᠤᠮ᠂ ᠳᠤᠮᠳᠠᠳᠤ ᠤᠯᠤᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠨᠢ ᠦᠬᠠᠢ ᠶᠢᠨ ᠲᠤᠰ ᠭᠠᠵᠠᠷ ᠤᠨ ᠠᠵᠤ ᠠᠬᠤᠶᠢᠯᠠᠯ ᠯᠤᠭ᠎ᠠ ᠶᠢᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠰᠢᠨ᠎ᠡ ᠮᠡᠷᠭᠡᠵᠢᠯ ᠰᠢᠨ᠎ᠡ ᠤᠷ᠎ᠠ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠲᠠᠯ᠎ᠠ ᠪᠠᠷ ᠦᠨᠡᠨᠴᠢ ᠪᠠᠷ ᠬᠠᠮᠲᠤᠷᠠᠯᠴᠠᠵᠤ᠂ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠶᠢ ᠬᠠᠮᠲᠤᠪᠠᠷ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠬᠦᠴᠦᠨ ᠢᠶᠠᠷ ᠢᠶᠠᠨ ᠳᠡᠮᠵᠢᠵᠦ᠂ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠡᠯ᠎ᠡ ᠲᠠᠯ᠎ᠠ ᠶᠢᠨ ᠬᠢᠨ ᠤ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠶᠢ ᠠᠬᠢᠭᠤᠯᠤᠨ᠎ᠠ ᠭᠡᠵᠡᠢ᠃      ᠵᠦ ᠭᠤᠸᠠᠩ ᠰᠢᠶᠠ ᠲᠤᠮᠳᠠᠲᠤ ᠣᠯᠣᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠬᠥᠭᠵᠢᠯᠲᠡ ᠶᠢᠨ ᠶᠠᠪᠤᠴᠠ᠂ ᠲᠤᠬᠠᠶᠢᠯᠠᠭᠰᠠᠨ ᠠᠵᠢᠯ ᠤᠨ ᠬᠡᠰᠡᠭ᠂ ᠡᠵᠡᠩᠨᠡᠯᠲᠡ ᠶᠢᠨ ᠦᠷ᠎ᠡ ᠠᠰᠢᠭ ᠵᠡᠷᠭᠡ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠳᠤᠮᠳᠠᠳᠤ ᠤᠯᠤᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠰᠣᠯᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃      ᠲᠤᠮᠳᠠᠲᠤ ᠣᠯᠣᠰ ᠤᠨ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠬᠤᠸᠠ ᠲᠢᠶᠠᠨ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠹᠠᠩ ᠿᠦᠩ ᠬᠤᠸᠠ᠂ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ᠂ ᠭᠤᠸ ᠪᠥᠸᠧ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号