2023 ᠳᠤᠮᠳᠠᠳᠤ ᠤᠯᠤᠰ ︵ᠦᠬᠠᠢ︶ ᠤᠨ ᠬᠤᠶᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠤᠨ ᠭᠤᠣᠯ ᠰᠡᠳᠦᠪᠲᠦ ᠲᠠᠶᠢᠯᠤᠮᠵᠢ ᠶᠠᠪᠤᠭᠳᠠᠪᠠ
ᠨᠡᠶᠢᠲᠡᠯᠡᠭᠰᠡᠨ ᠴᠠᠭ᠄
2023/10/11
     10 ᠰᠠᠷ᠎ᠠ ᠶᠢᠨ 10 ᠤ ᠡᠳᠦᠷ᠂ 2023 ᠳᠤᠮᠳᠠᠳᠤ ᠤᠯᠤᠰ ︵ᠦᠬᠠᠢ︶ ᠤᠨ ᠬᠤᠶᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠤᠨ ᠭᠤᠣᠯ ᠰᠡᠳᠦᠪᠲᠦ ᠲᠠᠶᠢᠯᠤᠮᠵᠢ ᠶᠠᠪᠤᠭᠳᠠᠪᠠ᠃ ᠲᠠᠶᠢᠯᠤᠮᠵᠢ ᠳᠤ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳ᠋ᠠᠯᠢᠶᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠫᠷᠤᠹᠧᠰᠰᠤᠷ ᠵᠢᠶᠠᠨ ᠰᠢ ᠭᠤᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠲᠤᠮᠳᠠᠲᠤ ᠶᠢᠨ ᠡᠮᠦᠨᠡᠲᠤ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠵᠠᠬᠢᠷᠤᠯ᠂ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠶᠠᠮᠤᠨ ᠤ ᠬᠠᠷᠢᠮᠠᠬᠠᠢ ᠴᠢᠨᠠᠷᠲᠠᠢ ᠮᠠᠲ᠋ᠧᠷᠢᠶᠠᠯ ᠤᠨ ᠡᠨᠧᠷᠭᠢ ᠠᠷᠪᠢᠯᠠᠬᠤ ᠪᠠ ᠡᠬᠢ ᠪᠠᠶᠠᠯᠢᠭᠵᠢᠭᠤᠯᠬᠤ ᠢᠨᠵᠧᠨᠧᠷᠢᠩ ᠤᠨ ᠲᠥᠪ ᠤᠨ ᠡᠷᠬᠢᠯᠡᠭᠴᠢ ᠵᠠᠩ ᠯᠢ ᠴᠢᠶᠦ᠋ᠨ᠂ ᠣᠷᠣᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠹᠢᠽᠢᠺ ᠬᠢᠮᠢ ᠶᠢᠨ ᠮᠡᠷᠭᠡᠵᠢᠯ ᠤᠨ ᠰᠤᠳᠤᠯᠭᠠᠨ ᠤ ᠭᠠᠵᠠᠷ ᠤᠨ ᠰᠤᠳᠤᠯᠤᠭᠴᠢ ᠵᠢᠢ ᠵᠢᠶᠦ᠋ᠨ ᠾᠦᠢ᠂ ᠳᠤᠮᠳᠠᠳᠤ ᠤᠯᠤᠰ ᠤᠨ ᠴᠢᠯᠠᠭᠤᠨ ᠲᠣᠰᠣ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠤᠨ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠲᠤᠰᠬᠠᠢ ᠵᠥᠪᠯᠡᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠳ᠋ᠧᠩ ᠾᠦᠢ ᠴᠠᠩ ᠵᠢᠴᠢ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ᠂ ᠫᠷᠤᠹᠧᠰᠰᠤᠷ ᠪᠣᠯᠣᠨ ᠠᠵᠢᠯ ᠲᠦᠷᠦᠯ ᠤᠨ ᠨᠡᠶᠢᠭᠡᠮᠯᠢᠭ ᠤᠨ ᠲᠥᠯᠥᠭᠡᠯᠡᠭᠴᠢ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠬᠠᠮᠲᠤᠪᠠᠷ ᠠᠵᠢᠯ ᠲᠦᠷᠦᠯ ᠤᠨ ᠬᠠᠨᠳᠤᠰᠢ ᠶᠢ ᠰᠢᠨᠵᠢᠯᠡᠨ ᠰᠤᠳᠤᠯᠵᠤ᠂ ᠬᠤᠰᠢᠭᠤᠷᠠᠯ ᠮᠡᠷᠭᠡᠵᠢᠯ ᠢ ᠬᠤᠪᠢᠶᠠᠯᠴᠠᠵᠤ᠂ ᠬᠥᠭᠵᠢᠯᠲᠡ ᠶᠢᠨ ᠠᠯᠤᠰ ᠤᠨ ᠲᠥᠯᠥᠪ ᠢ ᠪᠠᠷᠠᠯᠠᠵᠠᠢ᠃      ᠲᠤᠰ ᠤᠳᠠᠭᠠᠨ ᠤ ᠲᠠᠶᠢᠯᠤᠮᠵᠢ ᠨᠢ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠤᠯᠪᠣᠭᠳᠠᠯ ᠪᠦᠬᠦᠢ ᠠᠭᠤᠯᠭ᠎ᠠ ᠪᠠᠷ ᠭᠤᠣᠯ ᠰᠡᠳᠦᠪ ᠪᠣᠯᠭᠠᠵᠤ᠂ ︽ᠰᠦᠯᠵᠢᠶᠡᠨ ᠭᠠᠳᠠᠨ᠎ᠠ+ ᠰᠦᠯᠵᠢᠶᠡᠨ ᠳᠡᠭᠡᠷ᠎ᠡ︾ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠵᠤ᠂ ᠲᠣᠰ ᠲᠣᠰ ︽ᠮᠠᠨ ᠤ ᠤᠯᠤᠰ ᠤᠨ ᠲᠣᠮᠣ ᠮᠤᠯᠧᠺᠦᠶᠢᠯᠲᠤ ᠮᠠᠲ᠋ᠧᠷᠢᠶᠠᠯ ᠤᠨ ᠠᠵᠤ ᠦᠢᠯᠡᠰ ᠤᠨ ᠠᠬᠢᠴᠠ︾ ︽ᠦᠷᠭᠦᠯᠵᠢᠯᠡᠬᠦ ᠬᠥᠭᠵᠢᠯᠲᠡ ᠳᠤ ᠬᠠᠨᠳᠤᠭᠤᠯᠤᠭᠰᠠᠨ ᠪᠣᠬᠢᠷᠲᠤᠯ ᠦᠭᠡᠢ ᠭᠤᠮ ᠤᠨ ᠮᠠᠲ᠋ᠧᠷᠢᠶᠠᠯ ᠵᠢᠴᠢ ᠪᠣᠬᠢᠷᠲᠤᠯ ᠦᠭᠡᠢ ᠮᠡᠷᠭᠡᠵᠢᠯ︾ ︽PBAT ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠬᠠᠨᠳᠤᠰᠢ︾ ︽BDO ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠬᠠᠨᠳᠤᠰᠢ︾ ᠵᠡᠷᠭᠡ ᠪᠠᠷ ᠰᠡᠳᠦᠪᠯᠡᠵᠦ᠂ BDO ᠵᠢᠴᠢ ᠲᠡᠭᠦᠨ ᠤ ᠳᠣᠣᠷᠠᠳᠤ ᠤᠷᠤᠰᠬᠠᠯ ᠤᠨ PBAT᠂ ᠰᠢᠪᠯᠦ᠋ᠨ᠂ NMP᠂ PBT ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠬᠠᠨᠳᠤᠰᠢ᠂ ᠰᠦᠯᠢᠶᠥᠦ ᠪᠣᠯᠪᠠᠰᠤᠷᠠᠭᠤᠯᠬᠤ ᠠᠵᠢᠯ ᠲᠥᠷᠥᠯ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠬᠠᠨᠳᠤᠰᠢ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠲᠠᠶᠢᠯᠤᠮᠵᠢ ᠶᠢᠨ ᠠᠭᠤᠯᠭ᠎ᠠ ᠪᠠᠶᠠᠯᠢᠭ᠂ ᠦᠵᠡᠯᠲᠡ ᠰᠢᠨ᠎ᠡ ᠰᠡᠪᠡᠭᠦᠨ᠂ ᠲᠤᠭ᠎ᠠ ᠪᠠᠷᠢᠮᠲᠠ ᠨᠠᠷᠢᠨ ᠪᠣᠳᠠᠲᠠᠢ᠂ ᠵᠠᠳᠠᠯᠤᠯᠲᠠ ᠲᠠᠢ᠂ ᠦᠵᠡᠯᠲᠡ ᠲᠠᠢ᠂ ᠦᠨ᠎ᠡ ᠥᠷᠲᠡᠭ ᠲᠠᠢ ᠮᠠᠰᠢ ᠣᠯᠠᠨ ᠰᠠᠨᠠᠯ ᠰᠠᠨᠠᠭᠤᠯᠭ᠎ᠠ ᠳᠤᠷᠠᠳᠤᠭᠰᠠᠨ ᠨᠢ ᠮᠠᠨ ᠤ ᠬᠤᠲᠠ ᠶᠢᠨ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢ ᠲᠦᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号