| | | | 2023 ᠳᠤᠮᠳᠠᠳᠤ ᠤᠯᠤᠰ ︵ᠦᠬᠠᠢ︶ ᠤᠨ ᠬᠤᠶᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ | ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠮᠠᠨ ᠤ ᠬᠤᠲᠠ ᠳᠤ ᠡᠬᠢᠯᠡᠪᠡ᠃ | ︵ᠱᠢ ᠯᠢ ᠽᠧᠩ ᠭᠤᠤ ᠿᠦᠢ ᠫᠧᠩ ᠰᠡᠭᠦᠳᠡᠷᠯᠡᠪᠡ︶ | 10 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠴᠢᠯᠠᠭᠤᠨ ᠲᠣᠰᠣ | ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠠᠴᠠ ᠭᠤᠣᠯᠯᠠᠨ ᠡᠷᠬᠢᠯᠡᠭᠰᠡᠨ 2023 | ᠳᠤᠮᠳᠠᠳᠤ ᠤᠯᠤᠰ ︵ᠦᠬᠠᠢ︶ ᠤᠨ ᠬᠤᠶᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ | ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠮᠠᠨ ᠤ ᠬᠤᠳᠠ ᠳᠤ ᠡᠬᠢᠯᠡᠪᠡ᠃ ᠳᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳ᠋ᠠᠯᠢᠶᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠶᠡᠭᠡ ᠰᠤᠷᠭᠠᠭᠤᠯᠢ ᠶᠢᠨ ᠫᠷᠤᠹᠧᠰᠰᠤᠷ ᠵᠢᠶᠠᠨ ᠰᠢ ᠭᠤᠤ ᠣᠷᠣᠯᠴᠠᠪᠠ᠃ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠣᠷᠴᠢᠨ ᠲᠣᠭᠤᠷᠢᠨ ᠡᠭᠢ ᠪᠠᠶᠠᠯᠢᠭ ᠤᠨ ᠵᠤᠷᠭᠠᠨ ᠤ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠶᠠᠩ ᠱᠠᠩ ᠪᠦᠦ᠂ ᠳᠤᠮᠳᠠᠳᠤ ᠤᠯᠤᠰ ᠤᠨ ᠴᠢᠯᠠᠭᠤᠨ ᠲᠣᠰᠣ ᠪᠣᠯᠣᠨ ᠬᠢᠮᠢ ᠶᠢᠨ ᠠᠵᠤ | ᠦᠢᠯᠡᠳᠪᠦᠷᠢ ᠶᠢᠨ ᠬᠤᠯᠪᠣᠭᠠᠲᠤ ᠬᠤᠷᠠᠯ ᠤᠨ ᠤᠤᠯ ᠤᠨ ᠳᠠᠷᠤᠭ᠎ᠠ ᠯᠢ ᠶᠦᠩ ᠦ᠋᠂ ᠬᠤᠳᠠ ᠶᠢᠨ ᠨᠠᠮ ᠤᠨ | ᠬᠤᠷᠢᠶᠠᠨ ᠤ ᠱᠦᠵᠢ ᠲᠠᠩ ᠢ ᠲᠤᠰ ᠲᠤᠰ ᠪᠠᠶᠠᠷ ᠤᠨ ᠦᠭᠡ ᠬᠡᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠡᠬᠢᠯᠡᠯᠳᠡ ᠶᠢᠨ ᠶᠣᠰᠣᠯᠠᠯ ᠢ ᠡᠷᠭᠢᠯᠡᠪᠡ᠃ ᠬᠤᠳᠠ ᠶᠢᠨ | ᠤᠳᠤᠷᠢᠳᠤᠯᠭ᠎ᠠ ᠹᠧᠩ ᠰᠢᠤᠸᠠᠢ ᠲᠤᠤ᠂ ᠸᠠᠩ ᠸᠧᠨ ᠵᠢᠶᠧ ᠵᠢᠴᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ | ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠤᠳᠤᠷᠢᠳᠬᠤ ᠨᠥᠬᠦᠳ ᠣᠷᠣᠯᠴᠠᠪᠠ᠃ | ᠶᠠᠩ ᠱᠠᠩ ᠪᠦᠦ ᠪᠠᠶᠠᠷ ᠤᠨ ᠦᠭᠡ ᠳᠡᠭᠡᠨ ᠬᠡᠯᠡᠭᠰᠡᠨ ᠨᠢ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠡᠭᠦᠷᠭᠡ ᠪᠣᠯ ᠴᠢᠨᠠᠷ ᠰᠠᠶᠢᠲᠠᠢ | ᠬᠥᠭᠵᠢᠯᠲᠡ ᠪᠣᠯᠣᠨ᠎ᠠ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠣᠳᠣᠬᠢᠴᠢᠯᠠᠭᠰᠠᠨ ᠠᠵᠤ ᠦᠢᠯᠡᠰ ᠤᠨ | ᠰᠢᠲ᠋ᠧᠮ ᠢ ᠪᠠᠶᠢᠭᠤᠯᠬᠤ ᠪᠠᠷ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠦᠬᠠᠢ ᠬᠤᠳᠠ ᠶᠢᠨ ᠬᠢᠨ ᠡᠬᠢ | ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠵᠤ᠂ BDO ᠵᠢᠴᠢ ᠵᠠᠳᠠᠷᠠᠵᠤ | ᠪᠣᠯᠬᠤ ᠮᠠᠲ᠋ᠧᠷᠢᠶᠠᠯ ᠤᠨ ᠠᠵᠤ ᠦᠢᠯᠡᠰ ᠢ ᠴᠣᠭᠴᠠᠯᠠᠬᠤ ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ ᠤᠨ | ᠪᠦᠲᠦᠴᠡ ᠳᠡᠭᠡᠨ ᠢᠳᠡᠪᠬᠢᠲᠡᠢ ᠲᠣᠬᠢᠷᠠᠭᠤᠯᠤᠯᠲᠠ ᠬᠢᠵᠦ᠂ ᠠᠵᠤ ᠦᠢᠯᠡᠰ ᠤᠨ ᠲᠡᠰ ᠢᠶᠠᠨ ᠳᠡᠭᠡᠭᠰᠢᠯᠡᠭᠦᠯᠵᠦ᠂ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠨᠢ ᠠᠮᠢ ᠠᠬᠤᠢ ᠶᠢ ᠣᠷᠢᠳᠠᠪᠡᠷ | ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠦᠬᠠᠢ ᠬᠤᠲᠠ ᠵᠢᠴᠢ BDO ᠠᠵᠢᠯ ᠲᠦᠷᠦᠯ ᠤᠨ ᠬᠢᠨ ᠪᠣᠬᠢᠷᠲᠤᠯ ᠦᠭᠡᠢ ᠤᠳᠤᠷᠢᠳᠤᠮᠵᠢ᠂ ᠠᠰᠠᠭᠤᠳᠠᠯ ᠤᠨ | ᠤᠳᠤᠷᠢᠳᠤᠮᠵᠢ᠂ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠪᠠᠷᠢᠮᠲᠠᠯᠠᠵᠤ᠂ ᠰᠢᠰᠲ᠋ᠧᠮ ᠲᠠᠢ ᠲᠥᠯᠥᠪᠵᠢᠭᠦᠯᠬᠦ᠂ | ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠪᠠᠷᠢᠮᠵᠢᠶ᠎ᠠ ᠪᠠᠷ ᠵᠢᠷᠤᠮᠵᠢᠭᠤᠯᠬᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ BDO ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠯᠢ ᠶᠦᠩ ᠦ᠋ ᠬᠡᠯᠡᠭᠰᠡᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠳᠤᠷᠠᠳᠴᠠᠢ᠃ BDO ᠠᠵᠤ ᠦᠢᠯᠡᠰ ᠤᠨ ᠬᠡᠯᠬᠢᠶ᠎ᠡ ᠪᠣᠯ ᠬᠢᠮᠢ ᠶᠢᠨ ᠠᠵᠤ ᠦᠢᠯᠡᠳᠪᠦᠷᠢ ᠶᠢᠨ | ᠰᠢᠨ᠎ᠡ ᠮᠠᠲ᠋ᠧᠷᠢᠶᠠᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠪᠠᠰᠠ ᠴᠤ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠤᠨ ᠨᠢᠭᠡ ᠬᠡᠰᠡᠭ ᠮᠥᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠯᠬᠢᠶ᠎ᠡ ᠪᠣᠯᠤᠭᠰᠠᠨ ᠤ | ᠬᠤᠪᠢ ᠳᠤ᠂ ᠡᠷᠬᠡᠪᠰᠢ ᠰᠢᠨ᠎ᠡ ᠶᠢ ᠡᠭᠦᠳᠬᠦ ᠲᠣᠮᠣ ᠲᠤᠭ ᠢ ᠥᠨᠳᠥᠷ ᠮᠠᠨᠳᠤᠭᠤᠯᠵᠤ᠂ ᠠᠵᠤ ᠦᠢᠯᠡᠰ ᠤᠨ | ᠬᠡᠯᠬᠢᠶ᠎ᠡ ᠶᠢᠨ ᠰᠢᠨ᠎ᠡ ᠶᠢ ᠡᠭᠦᠳᠬᠦ ᠪᠠ ᠬᠠᠮᠢᠶᠠᠷᠤᠯᠲᠠ ᠪᠠᠨ ᠴᠢᠩᠭᠠᠳᠬᠠᠨ᠂ ᠠᠵᠢᠯ ᠲᠥᠷᠥᠯ ᠤᠨ ᠥᠪᠡᠷ ᠢ ᠪᠠᠨ | ᠱᠠᠭᠠᠷᠳᠠᠬᠤ ᠶᠢ ᠴᠢᠩᠭᠠᠳᠬᠠᠪᠠᠯ ᠰᠠᠶ᠋ᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ | ᠤᠯᠠᠨ ᠤ ᠬᠠᠮᠲᠤ ᠶᠢᠨ ᠴᠢᠷᠮᠠᠶᠢᠯᠭ᠎ᠠ ᠪᠠᠷ ᠦᠬᠠᠢ ᠶᠢᠨ ︽ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠶᠢ | ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ︾ ᠤᠨ ᠨᠡᠷ᠎ᠡ ᠶᠢᠨ ᠬᠠᠭᠤᠳᠠᠰᠤ ᠤᠯᠠᠮ ᠠᠴᠠ | ᠤᠯᠠᠮ ᠭᠡᠷᠡᠯᠲᠦᠵᠦ᠂ ᠮᠠᠨ ᠤ ᠤᠯᠤᠰ ᠵᠢᠴᠢ ᠳᠡᠯᠡᠬᠡᠢ ᠶᠢᠨ BDO ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠢᠲᠡᠭᠡᠵᠦ ᠪᠠᠶᠢᠨ᠎ᠠ ᠭᠡᠵᠡᠢ᠃ | ᠲᠠᠩ ᠢ ᠬᠡᠯᠡᠭᠰᠡᠨ ᠨᠢ᠂ ᠦᠬᠠᠢ ᠬᠤᠲᠠ ᠨᠡᠶᠢᠲᠡᠯᠢᠭ ᠡᠬᠢ ᠪᠠᠶᠠᠯᠢᠭ ᠤᠨ ᠬᠡᠯᠪᠡᠷᠢ ᠶᠢᠨ ᠦᠢᠯᠡᠳᠪᠦᠷᠢ | ᠠᠭᠤᠷᠬᠠᠢ ᠶᠢᠨ ᠬᠤᠲᠠ ᠪᠣᠯᠤᠭᠰᠠᠨ ᠤ ᠬᠤᠪᠢ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ | ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠬᠦᠷᠡᠰᠦ | ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ ᠪᠣᠯᠣᠨ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ ᠤᠨ ᠬᠤᠯᠪᠣᠯᠳᠤᠨ ᠬᠥᠭᠵᠢᠬᠦ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ BDO ᠵᠢᠴᠢ ᠵᠠᠳᠠᠷᠠᠵᠤ | ᠪᠣᠯᠬᠤ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠥᠭᠵᠢᠭᠦᠯᠬᠦ ᠵᠡᠷᠭᠡ ᠬᠡᠯᠪᠡᠷᠢ ᠪᠠᠨ | ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠨ ᠨᠡᠭᠡᠭᠡᠵᠡᠢ᠃ ᠣᠳᠣᠬᠠᠨ ᠳᠤ᠂ ᠦᠬᠠᠢ | ᠬᠤᠲᠠ ᠳᠤ ᠨᠢᠭᠡᠨᠲᠡ BDO ᠦᠢᠯᠡᠳᠪᠦᠷᠢᠯᠡᠬᠦ ᠴᠢᠳᠠᠪᠤᠷᠢ 100 ᠲᠦᠮᠡᠨ ᠲᠣᠨ᠂ GBL ᠦᠢᠯᠡᠳᠪᠦᠷᠢᠯᠡᠬᠦ | ᠴᠢᠳᠠᠪᠤᠷᠢ 10 ᠲᠦᠮᠡᠨ ᠲᠣᠨ ᠬᠦᠷᠴᠦ᠂ ︽BDO— ᠠᠮᠢᠯᠤᠨ᠂ BDO— ᠯᠢᠲ᠋ᠢ ᠳ᠋ᠢᠶᠠᠨ ᡂᠢ ᠶᠢᠨ | ᠠᠭᠤᠰᠬᠠᠭᠴᠢ᠂ BDO— ᠵᠠᠳᠠᠷᠠᠵᠤ ᠪᠣᠯᠬᠤ ᠮᠠᠲ᠋ᠧᠷᠢᠶᠠᠯ/ ᠪᠠᠷᠢᠯᠭ᠎ᠠ ᠶᠢᠨ ᠮᠠᠲ᠋ᠧᠷᠢᠶᠠᠯ᠂ BDO— ᠡᠮ | ᠡᠮᠨᠡᠯᠭᠡ ᠶᠢᠨ ᠵᠠᠪᠰᠠᠷ ᠤᠨ ᠴᠣᠭᠴᠠ︾ ᠭᠡᠬᠦ ᠳᠥᠷᠪᠡᠨ ᠶᠡᠭᠡ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠪᠡ᠃ | ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ | ᠰᠠᠭᠤᠷᠢᠨ ᠭᠠᠵᠠᠷ ᠪᠣᠯᠵᠤ᠂ ᠶᠠᠭ BDO ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠱᠠᠯᠠᠪᠳᠠᠨ ᠪᠠᠶᠢᠭᠤᠯᠵᠤ᠂ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠬᠦ ᠳᠠᠯᠳᠠ | ᠬᠦᠴᠦᠨ ᠤᠯᠠᠮ ᠠᠴᠠ ᠤᠯᠠᠮ ᠶᠡᠬᠡᠳᠴᠦ᠂ ᠬᠠᠨᠳᠤᠰᠢ ᠤᠯᠠᠮ ᠠᠴᠠ ᠤᠯᠠᠮ ᠰᠠᠶᠢᠨ ᠪᠣᠯᠵᠤ᠂ ᠦᠬᠠᠢ ᠳᠤ ᠢᠷᠡᠵᠦ | BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠬᠦ ᠳᠤ ᠯᠠᠪᠲᠠᠢ ᠶᠡᠭᠡ ᠦᠢᠯᠡᠰ ᠢ | ᠪᠦᠲᠦᠭᠡᠵᠦ ᠪᠣᠯᠬᠤ ᠶᠤᠮ᠃ ᠡᠯ᠎ᠡ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ ᠠᠵᠤ ᠠᠬᠤᠶᠢᠯᠠᠯᠲᠠᠳ ᠦᠬᠠᠢ ᠶᠢᠨ | BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠥᠷᠨᠢᠯᠲᠡ ᠳᠤ | ᠢᠳᠡᠪᠬᠢᠲᠡᠢ ᠣᠷᠣᠯᠴᠠᠬᠤ ᠶᠢ ᠬᠦᠰᠡᠵᠦ ᠪᠠᠶᠢᠨ᠎ᠠ᠂ ᠪᠢᠳᠠ ᠬᠠᠮᠤᠭ ᠤᠨ ᠰᠢᠯᠢᠳᠡᠭ ᠴᠢᠨᠠᠷᠲᠠᠢ᠂ ᠬᠠᠮᠤᠭ ᠤᠨ ᠥᠨᠳᠥᠷ | ᠪᠦᠲᠦᠮᠵᠢᠲᠡᠢ᠂ ᠬᠠᠮᠤᠭ ᠤᠨ ᠳᠥᠭᠦᠮ ᠳᠥᠲᠡ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠤᠯᠠᠨ ᠢ ᠰᠠᠨᠠᠭ᠎ᠠ ᠠᠮᠤᠷ | ᠪᠡᠯᠡ ᠣᠷᠣᠭᠤᠯᠵᠤ᠂ ᠰᠠᠨᠠᠭ᠎ᠠ ᠠᠮᠤᠷ ᠦᠢᠯᠡᠰ ᠪᠣᠰᠬᠠᠵᠤ᠂ ᠠᠵᠤ ᠲᠦᠷᠦᠬᠦ ᠳᠤ ᠲᠠᠭᠠᠲᠠᠢ ᠪᠣᠯᠭᠠᠵᠤ᠂ | ᠬᠥᠭᠵᠢᠯᠲᠡ ᠶᠢᠨ ᠠᠵᠠ ᠲᠣᠬᠢᠶᠠᠯ ᠢ ᠬᠠᠮᠲᠤᠪᠠᠷ ᠡᠳ᠋ᠯᠡᠭᠦᠯᠵᠦ᠂ ᠬᠡᠷᠡᠯ ᠰᠠᠴᠤᠷᠠᠩᠭᠤᠢ ᠬᠠᠭᠤᠳᠠᠰᠤ ᠶᠢ ᠬᠠᠮᠲᠤᠪᠠᠷ | ᠵᠢᠷᠤᠭᠯᠠᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠬᠤ ᠶᠢ ᠬᠦᠰᠡᠵᠦ ᠪᠠᠶᠢᠨ᠎ᠠ ᠭᠡᠵᠡᠢ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠦᠬᠠᠢ ᠬᠤᠳᠠ ᠳᠤᠮᠳᠠᠳᠤ ᠤᠯᠤᠰ ᠤᠨ BDO ᠠᠵᠤ ᠦᠢᠯᠡᠰ ᠤᠨ | ᠬᠦᠭᠵᠢᠬᠦᠯᠦᠯᠳᠡ ᠶᠢᠨ ᠶᠡᠭᠡ ᠬᠤᠷᠠᠯ ᠤᠨ ᠡᠭᠦᠷᠢᠳᠡ ᠶᠢᠨ ᠡᠷᠬᠢᠯᠡᠬᠦ ᠭᠠᠵᠠᠷ ᠪᠣᠯᠤᠭᠰᠠᠨ ᠢ ᠨᠡᠶᠢᠲᠡᠯᠡᠭᠰᠡᠨ ᠪᠥᠭᠡᠳ | ᠬᠤᠳᠠ ᠶᠢᠨ ᠪᠠᠶᠢᠳᠠᠯ ᠢᠶᠠᠨ ᠲᠠᠨᠢᠯᠴᠠᠭᠤᠯᠪᠠ᠃ ᠦᠬᠠᠢ ᠬᠤᠳᠠ ᠶᠢᠨ BDO ᠠᠵᠢᠯ ᠲᠦᠷᠦᠯ ᠤᠨ ᠨᠡᠶᠢᠭᠡᠮᠯᠢᠭ ᠢ | ᠪᠠᠶᠢᠭᠤᠯᠬᠤ ᠲᠤᠬᠠᠢ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ︔BDO ᠶᠢᠨ ᠬᠦᠷᠢᠶᠡᠨ ᠳᠠᠬᠢ | ︽ᠵᠠᠷᠯᠠᠯ ᠨᠡᠶᠢᠳᠡᠯᠡᠵᠤ ᠮᠠᠩᠯᠠᠶᠢᠯᠠᠬᠤ︾ ᠡᠭᠦᠷᠭᠡ ᠶᠢᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠳᠤᠮᠳᠠᠳᠤ | ᠤᠯᠤᠰ ᠤᠨ ᠴᠢᠯᠠᠭᠤᠨ ᠲᠣᠰᠣ ᠪᠤᠯᠤᠨ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ᠂ ᠦᠬᠠᠢ | ᠬᠤᠲᠠ ᠶᠢᠨ ᠠᠷᠠᠳ ᠤᠨ ᠵᠠᠰᠠᠭ ᠤᠨ ᠣᠷᠳᠣᠨ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠲᠥᠯᠥᠭᠡᠯᠡᠭᠴᠢ ᠬᠠᠮᠲᠤ ᠪᠠᠷ BDO ᠦᠢᠯᠡᠳᠬᠦᠨ ᠤ ᠠᠷᠠᠯᠵᠢᠶᠠᠨ ᠤ ᠲᠥᠪ᠂ ᠪᠠᠷᠢᠮᠵᠢᠶᠠᠲᠤ | ᠰᠤᠳᠤᠯᠭᠠᠨ ᠤ ᠲᠥᠪ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ | ᠵᠢᠷᠤᠪᠠ᠃ | ᠶᠡᠭᠡ ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ︽BDO ᠵᠢᠴᠢ ᠵᠠᠳᠠᠷᠠᠵᠤ ᠪᠣᠯᠬᠤ | ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ︾ ᠶᠢᠨ ᠲᠣᠭᠤᠷᠢᠨ ᠳᠤ ᠲᠤᠰᠬᠠᠢ ᠰᠡᠳᠦᠪᠲᠦ | ᠮᠡᠳᠡᠭᠦᠯᠦᠯᠲᠡ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠭᠰᠡᠨ ᠪᠥᠭᠡᠳ ᠮᠠᠨ ᠤ ᠬᠤᠲᠠ ᠶᠢᠨ ᠬᠤᠯᠪᠣᠭᠳᠠᠯ ᠪᠦᠬᠦᠢ | ᠠᠵᠤ ᠠᠬᠤᠶᠢᠯᠠᠯ ᠳᠤ ᠬᠦᠷᠴᠦ BDO ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ | |