ᠦᠬᠠᠢ ᠬᠤᠲᠠ ᠶᠢᠨ BDO ᠠᠵᠤ ᠦᠢᠯᠡᠰ ᠤᠨ ᠨᠥᠯᠥᠭᠡᠯᠡᠬᠦ ᠬᠦᠴᠦᠨ ᠤ ᠥᠷᠢᠰᠦᠯᠳᠦᠬᠦ ᠬᠦᠴᠦᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠤᠶ᠎ᠡ
ᠨᠡᠶᠢᠲᠡᠯᠡᠭᠰᠡᠨ ᠴᠠᠭ᠄
2023/10/12

         — ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ

ᠬᠤᠯᠪᠣᠭᠠᠲᠤ ᠬᠤᠷᠠᠯ ᠤᠨ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠲᠤᠰᠬᠠᠢ ᠵᠥᠪᠯᠡᠯ ᠤᠨ ᠳᠡᠳ᠋

ᠨᠠᠷᠢᠨ ᠪᠢᠴᠢᠭ ᠤᠨ ᠳᠠᠷᠤᠭ᠎ᠠ ᠳ᠋ᠧᠩ ᠾᠦᠢ ᠴᠠᠩ ᠢ ᠰᠣᠷᠪᠤᠯᠵᠢᠯᠠᠭᠰᠠᠨ ᠨᠢ

     10 ᠰᠠᠷ᠎ᠠ ᠶᠢᠨ 10 ᠤ ᠡᠳᠦᠷ᠂ 2023 ᠳᠤᠮᠳᠠᠳᠤ ᠤᠯᠤᠰ ︵ᠦᠬᠠᠢ ᠶᠢᠨ ᠬᠤᠶᠠᠳᠤᠭᠠᠷ ᠬᠤᠭᠤᠴᠠᠭᠠᠨ ᠤ

BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠤᠨ

ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ

ᠦᠢᠯᠡᠳᠪᠦᠷᠢ ᠶᠢᠨ ᠬᠤᠯᠪᠣᠭᠠᠲᠤ ᠬᠤᠷᠠᠯ ᠠᠴᠠ ᠦᠬᠠᠢ ᠬᠤᠲᠠ ᠶᠢ ᠳᠤᠮᠳᠠᠳᠤ ᠤᠯᠤᠰ ᠤᠨ BDO ᠠᠵᠤ

ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠤᠨ ᠡᠭᠦᠷᠢᠳᠡ ᠶᠢᠨ ᠡᠷᠭᠢᠯᠡᠬᠦ ᠭᠠᠵᠠᠷ ᠪᠣᠯᠭᠠᠬᠤ ᠪᠠᠷ ᠵᠠᠷᠯᠠᠪᠠ᠃

ᠳᠤᠮᠳᠠᠳᠤ ᠤᠯᠤᠰ ᠤᠨ ᠴᠢᠯᠠᠭᠤᠨ ᠲᠣᠰᠣ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠤᠨ

ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠲᠤᠰᠬᠠᠢ ᠵᠥᠪᠯᠡᠯ ᠤᠨ ᠳᠡᠳ᠋ ᠨᠠᠷᠢᠨ ᠪᠢᠴᠢᠭ ᠤᠨ

ᠳᠠᠷᠤᠭ᠎ᠠ ᠳ᠋ᠧᠩ ᠾᠦᠢ ᠴᠠᠩ ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂

ᠦᠬᠠᠢ ᠬᠤᠲᠠ ᠶᠢ ᠳᠤᠮᠳᠠᠳᠤ ᠤᠯᠤᠰ ᠤᠨ BDO ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠤᠨ

ᠥᠨᠢᠳᠡ ᠶᠢᠨ ᠡᠷᠭᠢᠯᠡᠬᠦ ᠭᠠᠵᠠᠷ ᠪᠤᠯᠭᠠᠬᠤ ᠪᠠᠷ ᠲᠤᠭᠳᠠᠭᠰᠠᠨ ᠨᠢ BDO ᠠᠵᠤ ᠦᠢᠯᠡᠰ ᠤᠨ ᠬᠥᠭᠵᠢᠯᠲᠡ ᠶᠢ

ᠤᠯᠠᠮ ᠨᠢᠭᠡ ᠠᠯᠬᠤᠮ ᠠᠬᠢᠭᠤᠯᠵᠤ᠂ ᠦᠬᠠᠢ ᠬᠤᠲᠠ ᠶᠢᠨ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ

BDO ᠠᠵᠤ ᠦᠢᠯᠡᠰ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠬᠦ ᠳᠤ ᠢᠳᠡᠪᠬᠢᠲᠡᠢ ᠠᠴᠢ ᠬᠤᠯᠪᠣᠭᠳᠠᠯ ᠲᠠᠢ ᠶᠤᠮ

ᠭᠡᠵᠡᠢ᠃

     ᠳ᠋ᠧᠩ ᠾᠦᠢ ᠴᠠᠩ ᠬᠡᠯᠡᠭᠰᠡᠨ ᠨᠢ᠂ ᠦᠬᠠᠢ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠡᠯᠪᠡᠭ ᠳᠡᠯᠪᠡᠭ᠂

ᠠᠵᠤ ᠦᠢᠯᠡᠰ ᠤᠨ ᠰᠠᠭᠤᠷᠢ ᠯᠠᠪᠳᠠᠭᠤᠨ ᠪᠠᠲᠤᠲᠠᠢ᠂ ᠴᠣᠬᠤᠢ ᠶᠢᠨ ᠴᠢᠯᠠᠭᠤ ᠶᠢᠨ ᠠᠯᠤᠰ ᠬᠡᠳᠤ ᠶᠢᠨ

ᠬᠠᠳᠠᠭᠠᠯᠠᠭᠳᠠᠴᠠ ᠤᠯᠠᠨ᠂ ᠬᠡᠦᠷᠰᠢᠭᠦᠯᠬᠦ᠂ ᠴᠠᠬᠢᠯᠠᠭᠤᠷ ᠴᠢᠯᠠᠭᠤ ᠦᠢᠯᠡᠳᠪᠦᠷᠢᠯᠡᠬᠦ ᠴᠢᠳᠠᠪᠤᠷᠢ ᠥᠨᠳᠥᠷ᠂ ᠪᠠᠰᠠ ᠶᠡᠭᠡ

ᠬᠡᠮᠵᠢᠶᠡᠨ ᠤ ᠡᠷᠭᠢᠯᠲᠡᠲᠦ ᠥᠨᠳᠥᠷ ᠪᠦᠲᠦᠮᠵᠢᠲᠡᠢ ᠠᠰᠢᠭᠯᠠᠵᠤ ᠪᠣᠯᠬᠤ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ᠂

ᠡᠲ᠋ᠢᠨ ᠬᠡᠢ ᠵᠡᠷᠭᠡ ᠵᠠᠩᠭᠢᠯᠠᠭ᠎ᠠ ᠶᠢᠨ ᠲᠦᠭᠦᠬᠡᠢ ᠮᠠᠲ᠋ᠧᠷᠢᠶᠠᠯ ᠲᠠᠢ ᠪᠠᠶᠢᠵᠤ᠂ BDO ᠵᠢᠴᠢ ᠳᠣᠣᠷᠠᠳᠤ

ᠤᠷᠤᠰᠬᠠᠯ ᠤᠨ ᠠᠵᠤ ᠦᠢᠯᠡᠰ ᠢ ᠬᠥᠭᠵᠢᠭᠦᠯᠬᠦ ᠳᠤ ᠤᠯᠠᠨ ᠠᠴᠠ ᠣᠨᠴᠠᠭᠠᠢ ᠳᠠᠪᠠᠭᠤᠯᠢᠭ ᠲᠠᠯ᠎ᠠ ᠲᠠᠢ ᠶᠤᠮ᠃ ᠡᠨᠡ

ᠵᠢᠯ ᠤᠨ 9 ᠰᠠᠷ᠎ᠠ ᠳᠤ ᠵᠢᠩᠬᠢᠨᠢ ᠪᠠᠷ ᠬᠡᠷᠡᠭᠵᠢᠭᠦᠯᠦᠭᠰᠡᠨ ︽ᠦᠬᠠᠢ ᠬᠤᠲᠠ ᠶᠢᠨ ᠵᠠᠳᠠᠷᠠᠵᠤ ᠪᠣᠯᠬᠤ ᠮᠠᠲ᠋ᠧᠷᠢᠶᠠᠯ ᠤᠨ

ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠦᠷᠢᠮ︾ ᠳᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ

ᠡᠭᠦᠳᠬᠦ ᠶᠢ ᠵᠣᠷᠢᠭᠵᠢᠭᠤᠯᠬᠤ ᠳᠡᠮᠵᠢᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠠᠵᠤ

ᠠᠬᠤᠶᠢᠯᠠᠯ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠬᠠᠮᠲᠤᠷᠠᠨ ᠨᠡᠭᠦᠷᠡᠰᠦ ᠪᠠᠷ

ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤ ᠮᠠᠲ᠋ᠧᠷᠢᠶᠠᠯ ᠤᠨ ᠥᠪᠡᠷᠲᠡᠭᠡᠨ ᠵᠠᠰᠠᠬᠤ ᠣᠷᠣᠨ ᠤ

ᠳᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠤᠯᠤᠰ ᠤᠨ ᠳᠡᠰ ᠤᠨ ᠮᠡᠷᠭᠡᠵᠢᠯ ᠤᠨ ᠰᠢᠨ᠎ᠡ ᠶᠢ

ᠡᠭᠦᠳᠬᠦ ᠲᠥᠪ ᠢ ᠪᠦᠲᠦᠭᠡᠨ ᠪᠠᠶᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠳᠤ ᠣᠷᠣᠭᠤᠯᠬᠤ᠂

ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠵᠦᠢᠯᠡᠰ ᠲᠤ ᠴᠥᠮ ᠠᠳᠠᠯᠢ ᠪᠤᠰᠤ

ᠬᠡᠮᠵᠢᠶᠡᠨ ᠤ ᠱᠠᠩᠨᠠᠵᠤ ᠨᠥᠬᠦᠪᠦᠷᠢᠯᠡᠬᠦ ᠠᠷᠭ᠎ᠠ ᠬᠡᠮᠵᠢᠶ᠎ᠡ ᠶᠢᠨ ᠳᠡᠮᠵᠢᠯᠭᠡ ᠦᠵᠡᠭᠦᠯᠵᠤ᠂ ᠦᠬᠠᠢ ᠬᠤᠲᠠ ᠶᠢᠨ ᠪᠥᠬᠦ

ᠤᠯᠤᠰ ᠲᠤ ᠨᠥᠯᠥᠭᠡᠯᠡᠬᠦ ᠬᠦᠴᠦᠨ ᠪᠦᠬᠦᠢ ᠤᠯᠤᠰ ᠤᠨ ᠲᠠᠰ ᠤᠨ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ

ᠪᠣᠳᠠᠰ ᠤᠨ ᠵᠠᠳᠠᠷᠠᠵᠤ ᠪᠣᠯᠬᠤ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠴᠢᠬᠤᠯᠠ ᠠᠴᠢ

ᠬᠤᠯᠪᠣᠭᠳᠠᠯ ᠲᠠᠢ ᠶᠤᠮ ᠭᠡᠵᠡᠢ᠃

     ᠳ᠋ᠧᠩ ᠾᠦᠢ ᠴᠠᠩ ᠢᠯᠡᠷᠭᠡᠶᠢᠯᠡᠭᠰᠡᠨ ᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ

ᠦᠢᠯᠡᠳᠪᠦᠷᠢ ᠶᠢᠨ ᠬᠤᠯᠪᠣᠭᠠᠲᠤ ᠬᠤᠷᠠᠯ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠡᠯ᠎ᠡ ᠶᠡᠭᠡ

ᠰᠣᠷᠭᠠᠭᠤᠯᠢ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠤᠰ ᠤᠨ ᠲᠠᠰ ᠤᠨ ᠭᠤᠣᠯᠳᠠᠯᠭ᠎ᠠ ᠲᠠᠢ

ᠲᠤᠷᠰᠢᠯᠲᠠ ᠶᠢᠨ ᠲᠠᠰᠤᠭ ᠵᠡᠷᠭᠡ ᠲᠠᠢ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠲᠡᠳᠡᠨ ᠤ ᠰᠤᠳᠤᠯᠭᠠᠨ ᠤ

ᠦᠷ᠎ᠡ ᠪᠦᠲᠦᠭᠡᠯ ᠢ ᠦᠬᠠᠢ ᠳᠤ ᠠᠪᠴᠢᠷᠠᠵᠤ ᠠᠵᠤ ᠦᠶᠢᠯᠡᠰᠵᠢᠭᠦᠯᠦᠨ ᠬᠤᠪᠢᠷᠠᠭᠤᠯᠵᠤ᠂ ᠦᠬᠠᠢ ᠬᠤᠲᠠ ᠶᠢᠨ

BDO ᠠᠵᠤ ᠦᠢᠯᠡᠰ ᠤᠨ ᠮᠡᠷᠭᠡᠵᠢᠯ ᠤᠨ ᠬᠢᠷᠢ ᠲᠦᠪᠰᠢᠨ ᠪᠠ ᠭᠤᠣᠯᠯᠠᠬᠤ ᠥᠷᠢᠰᠦᠯᠳᠦᠬᠦ ᠬᠦᠴᠦᠨ ᠢ ᠪᠥᠬᠦ

ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号