ᠬᠤᠸᠠᠩ ᡁᠢ ᠴᠢᠶᠠᠩ ᠦᠬᠠᠢ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/12
     10 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠦᠬᠠᠢ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠢᠭᠠᠨ ᠵᠢᠯᠣᠭᠤᠳᠪᠠ᠃      ᠬᠤᠸᠠᠩ ᡁᠢ ᠴᠢᠶᠠᠩ ᠦᠬᠠᠢ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃ ᠲᠡᠷᠡ ᠬᠡᠯᠡᠭᠰᠡᠨ ᠨᠢ᠂ ᠦᠬᠠᠢ ᠬᠤᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠥᠪᠥᠷ ᠮᠣᠩᠭᠤᠯ ᠤᠨ ᠨᠠᠶᠢᠷᠠᠮᠵᠢ︾ ᠶᠢ ᠰᠠᠶᠢᠲᠤᠷ ᠰᠤᠷᠤᠯᠴᠠᠬᠤ ᠶᠢ ᠲᠤᠪᠤᠶᠢᠯᠭᠠᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠨᠢ ᠦᠨᠳᠦᠰᠦᠨ ᠱᠠᠲᠤᠨ ᠳᠤ ᠰᠢᠭᠤᠳ ᠬᠠᠨᠳᠤᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠥᠨᠳᠥᠷ ᠪᠠᠶᠢᠨ᠎ᠠ᠂ ᠬᠠᠷᠠᠯᠲᠠ ᠱᠠᠭᠠᠷᠳᠠᠯᠭ᠎ᠠ ᠶᠢ ᠨᠢ ᠣᠨᠣᠪᠴᠢᠲᠠᠢ ᠡᠵᠡᠮᠳᠡᠵᠦ᠂ ᠲᠦᠷᠦᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠦᠨᠳᠦᠰᠦᠨ ᠱᠠᠲᠤᠨ ᠤ ᠰᠠᠭᠤᠷᠢ ᠪᠠᠨ ᠴᠢᠩᠭᠠᠳᠬᠠᠵᠤ᠂ ᠴᠢᠩᠭ᠎ᠠ ᠪᠣᠳᠠᠲᠠᠢ ᠰᠤᠷᠲᠠᠯ ᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠤᠨ ᠪᠣᠳᠠᠲᠤ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠡᠢ᠃      ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠢᠭ ᠪᠤᠯᠬᠤ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠯᠠᠨ ᠲᠢᠶᠠᠨ ᠨᠡᠶᠢᠭᠡᠮ ᠲᠣᠭᠤᠷᠢᠭ ᠲᠤ᠂ ᠬᠤᠸᠠᠩ ᡁᠢ ᠴᠢᠶᠠᠩ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠠᠮ ᠤᠨ ᠭᠡᠰᠢᠭᠦᠨ ᠺᠠᠳ᠋ᠷᠴᠤᠳ ᠢ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠬᠥᠲᠥᠯᠥᠨ ᠵᠢᠯᠤᠭᠤᠳᠴᠤ᠂ ᠪᠣᠳᠠᠲᠠᠢ ᠶᠠᠪᠤᠳᠠᠯ ᠬᠢᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠲᠠᠯ᠎ᠠ ᠪᠠᠷ ᠰᠡᠳᠬᠢᠯ ᠲᠠᠯᠪᠢᠨ ᠠᠷᠭ᠎ᠠ ᠣᠬᠠᠭᠠᠨ ᠭᠠᠷᠭᠠᠵᠤ᠂ ᠤᠯᠠᠨ ᠲᠦᠮᠡᠨ ᠳᠤ ᠬᠤᠪᠢᠷᠠᠯᠲᠠ ᠶᠢ ᠬᠠᠷᠠᠭᠤᠯᠵᠤ᠂ ᠪᠣᠳᠠᠲᠠᠢ ᠠᠰᠢᠭ ᠬᠦᠷᠲᠡᠭᠡᠬᠦ ᠬᠡᠷᠡᠭᠲᠡᠢ ᠭᠡᠵᠦ ᠱᠠᠭᠠᠷᠳᠠᠪᠠ᠃ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠬᠤᠸᠠᠩ ᡁᠢ ᠴᠢᠶᠠᠩ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号