ᠲᠠᠩ ᠢ 2023 ᠳᠤᠮᠳᠠᠳᠤ ᠤᠯᠤᠰ ︵ᠦᠬᠠᠢ︶ ᠤᠨ ᠬᠤᠶᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2023/10/12
     ᠣᠶᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ 2023 ᠣᠨ ᠤ ᠳᠤᠮᠳᠠᠳᠤ ᠤᠯᠤᠰ ︵ᠦᠬᠠᠢ︶ ᠤᠨ ᠬᠤᠶᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠲᠠᠢ ᠠᠭᠤᠯᠵᠠᠵᠤ᠂ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠯᠢ ᠴᠦᠨ ᠰᠢᠶᠣᠣ᠂ ᠭᠤᠸ ᠪᠥᠸᠧ ᠣᠷᠣᠯᠴᠠᠵᠠᠢ᠃      ᠲᠠᠩ ᠢ ᠮᠠᠨ ᠤ ᠬᠤᠲᠠ ᠶᠢᠨ BDO ᠵᠢᠴᠢ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠦᠬᠠᠢ ᠶᠢᠨ BDO ᠠᠵᠤ ᠦᠢᠯᠡᠰ ᠢ ᠬᠥᠭᠵᠢᠭᠦᠯᠬᠦ ᠳᠤ ᠤᠯᠠᠨ ᠠᠴᠠ ᠣᠨᠴᠠᠭᠠᠢ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠳᠪᠦᠷᠢ ᠶᠢᠨ ᠰᠠᠭᠤᠷᠢ᠂ ᠣᠷᠣᠨ ᠪᠠᠶᠢᠷᠢ ᠶᠢᠨ ᠨᠥᠬᠦᠴᠡᠯ ᠪᠣᠯᠣᠨ ᠥᠪᠡᠷ ᠤᠨ ᠦᠷᠳᠡᠭ ᠤᠨ ᠳᠠᠪᠠᠭᠤᠯᠢᠭ ᠲᠠᠢ ᠪᠠᠶᠢᠵᠤ᠂ ᠪᠡᠯᠡ ᠣᠷᠣᠭᠤᠯᠵᠤ ᠦᠢᠯᠡᠰ ᠪᠣᠰᠬᠠᠬᠤ ᠬᠦᠰᠡᠯᠡᠩ ᠤᠨ ᠭᠠᠵᠠᠷ ᠪᠣᠯᠣᠨ᠎ᠠ᠃ ᠣᠳᠣᠬᠠᠨ ᠳᠤ᠂ ᠦᠬᠠᠢ ᠬᠤᠳᠠ ᠶᠢᠨ ᠬᠢᠨ ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠳᠤ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠨ ᠪᠠᠶᠢᠭᠤᠯᠵᠤ᠂ ᠳ᠋ᠦᠩ ᠶᠤᠸᠠᠨ᠂ ᠬᠤᠸᠠ ᠾᠧᠩ᠂ ᠰᠠᠨ ᠸᠧᠢ᠂ ᠵᠢᠶᠦ᠋ᠨ ᠵᠧᠩ᠂ ᠭᠤᠸᠠᠩᠵᠢᠨ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠵᠢᠱᠢᠶ᠎ᠡ ᠦᠵᠡᠭᠦᠯᠬᠦ ᠲᠦᠷᠦᠯ ᠵᠦᠢᠯ ᠢ ᠲᠦᠷᠭᠡᠨ ᠠᠬᠢᠭᠤᠯᠵᠤ᠂ ᠠᠵᠤ ᠦᠢᠯᠡᠰ ᠤᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠳᠣᠣᠷᠠᠳᠤ ᠤᠷᠤᠰᠬᠠᠯ ᠤᠨ ᠬᠦᠷᠢᠶ᠎ᠡ ᠪᠠᠨ ᠲᠦᠷᠭᠡᠨ ᠥᠷᠭᠡᠳᠬᠡᠵᠦ᠂ ᠲᠡᠷᠢᠭᠦᠨ ᠤ ᠠᠵᠤ ᠦᠢᠯᠡᠰ ᠤᠨ ᠠᠮᠢ ᠠᠬᠤᠢ᠂ ᠰᠢᠨ᠎ᠡ ᠶᠢ ᠡᠭᠦᠳᠬᠦ ᠠᠮᠢ ᠠᠬᠤᠢ ᠶᠢ ᠲᠣᠭᠲᠠᠭᠤᠨ ᠢᠶᠠᠷ ᠪᠠᠶᠢᠭᠤᠯᠵᠤ᠂ BDO ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠠᠵᠤ ᠠᠬᠤᠶᠢᠯᠠᠯᠲᠠᠳ ᠦᠬᠠᠢ ᠶᠢ ᠢᠯᠡᠭᠦᠬᠡᠨ ᠰᠢᠨᠵᠢᠯᠡᠨ ᠪᠠᠶᠢᠴᠠᠭᠠᠵᠤ᠂ ᠢᠯᠡᠭᠦᠬᠡᠨ ᠣᠶᠢᠯᠠᠭᠠᠵᠤ᠂ ᠢᠯᠡᠭᠦᠬᠡᠨ ᠠᠩᠬᠠᠷᠴᠤ᠂ ᠠᠵᠤ ᠦᠢᠯᠡᠰ ᠤᠨ ᠬᠠᠨᠳᠤᠰᠢ ᠶᠢ ᠵᠠᠳᠠᠯᠬᠤ᠂ ᠭᠤᠣᠯᠯᠠᠭᠴᠢ ᠮᠡᠷᠭᠡᠵᠢᠯ ᠢ ᠰᠤᠳᠤᠯᠤᠨ ᠨᠡᠭᠡᠭᠡᠬᠦ᠂ ᠦᠢᠯᠡᠳᠬᠦᠨ ᠤ ᠰᠢᠨ᠎ᠡ ᠶᠢ ᠡᠭᠦᠳᠬᠦ ᠬᠥᠭᠵᠢᠯᠲᠡ ᠵᠡᠷᠭᠡ ᠬᠦᠷᠢᠶᠡᠨ ᠳᠤ ᠰᠣᠯᠢᠯᠴᠠᠭ᠎ᠠ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠵᠦ᠂ ᠬᠤᠯᠪᠣᠭᠳᠠᠯ ᠪᠦᠬᠦᠢ ᠠᠵᠤ ᠦᠢᠯᠡᠰ ᠤᠨ ᠪᠦᠯᠦᠭᠵᠢᠯ ᠤᠨ ᠲᠥᠪᠯᠡᠷᠡᠨ ᠬᠥᠭᠵᠢᠬᠦ ᠶᠢ ᠠᠬᠢᠭᠤᠯᠵᠤ᠂ ᠬᠠᠮᠲᠤᠪᠠᠷ BDO ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠪᠡᠯᠡ ᠣᠷᠣᠭᠤᠯᠤᠯᠲᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠭᠡᠨ ᠤ ᠪᠠᠲᠤᠯᠠᠭ᠎ᠠ ᠪᠠᠨ ᠰᠠᠶᠢᠲᠤᠷ ᠬᠢᠨ᠎ᠡ ᠭᠡᠵᠡᠢ᠃      ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠢᠯᠡᠷᠭᠡᠶᠢᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠦᠬᠠᠢ ᠬᠤᠳᠠ ᠶᠢᠨ BDO ᠠᠵᠤ ᠦᠢᠯᠡᠰ ᠥᠷᠨᠢᠩᠭᠦᠢ ᠬᠥᠭᠵᠢᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠦᠷᠭᠦᠯᠵᠢᠯᠡᠨ ᠲᠡᠭᠦᠯᠳᠡᠷᠵᠢᠵᠦ᠂ ᠢᠷᠡᠭᠡᠳᠦᠢ ᠶᠢᠨ ᠬᠥᠭᠵᠢᠯᠲᠡ ᠶᠢᠨ ᠠᠵᠠ ᠲᠣᠬᠢᠶᠠᠯ ᠬᠢᠵᠠᠭᠠᠯᠠᠰᠢ ᠦᠭᠡᠢ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠡᠵᠡᠮᠳᠡᠵᠦ᠂ ᠲᠤᠰ ᠲᠤᠰ ᠤᠨ ᠳᠠᠪᠠᠭᠤᠯᠢᠭ ᠲᠠᠭᠠᠨ ᠰᠠᠭᠤᠷᠢᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ᠂ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠰᠣᠯᠢᠯᠴᠠᠭ᠎ᠠ ᠪᠠᠨ ᠴᠢᠩᠭᠠᠳᠬᠠᠵᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠵᠦ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠤᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号