ᠲᠠᠩ ᠢ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠲᠥᠪ ᠲᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2023/10/12
     10 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠤᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ ᠣᠷᠣᠯᠴᠠᠪᠡ᠃      ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠲᠥᠪ ᠲᠤ᠂ ᠲᠠᠩ ᠢ ᠲᠤᠬᠠᠢ ᠶᠢᠨ ᠲᠠᠯᠠᠪᠤᠷ ᠲᠤ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠲᠡᠳᠡᠨ ᠤ ᠲᠤᠰᠬᠠᠭᠰᠠᠨ ᠠᠰᠠᠭᠤᠳᠠᠯ ᠢ ᠨᠢ ᠨᠠᠷᠢᠨ ᠬᠢᠨᠠᠮᠠᠭᠠᠢ ᠰᠣᠨᠣᠰᠴᠤ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠨ ᠤᠴᠢᠷ ᠰᠢᠯᠲᠠᠭᠠᠨ ᠪᠠ ᠲᠦᠭᠵᠢᠷᠡᠯ ᠤᠨ ᠠᠰᠠᠭᠤᠳᠠᠯ ᠲᠦᠪᠡᠭᠲᠡᠢ ᠠᠰᠠᠭᠤᠳᠠᠯ ᠢ ᠨᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠵᠥᠪᠳᠡᠯᠴᠡᠨ ᠰᠤᠳᠤᠯᠵᠤ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠤᠨ ᠭᠠᠷᠭᠠᠵᠠᠢ᠃      ᠲᠠᠩ ᠢ ᠬᠡᠯᠡᠭᠰᠡᠨ ᠨᠢ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠴᠢᠬᠤᠯᠠ ᠴᠤᠩᠬᠤᠪᠴᠢ ᠮᠥᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠯᠪᠣᠭᠳᠠᠬᠤ ᠴᠢᠬᠤᠯᠠ ᠠᠵᠢᠯ ᠮᠥᠨ᠃ ᠡᠯ᠎ᠡ ᠱᠠᠳᠣ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠡᠶ᠎ᠡ ᠪᠠᠷ ᠢᠶᠠᠨ ᠤᠯᠠᠨ ᠲᠦᠮᠡᠨ ᠤ ᠲᠥᠯᠥᠭᠡ ᠪᠣᠳᠣᠯᠬᠢᠯᠠᠵᠤ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ ᠡᠪᠦᠷᠯᠡᠵᠦ᠂ ᠬᠠᠤᠯᠢ ᠲᠣᠭᠲᠠᠭᠠᠯ ᠶᠣᠰᠣᠭᠠᠷ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠭᠦᠨᠵᠡᠭᠡᠢ ᠬᠡᠷᠡᠭᠵᠢᠭᠦᠯᠵᠦ᠂ ᠨᠠᠮ ᠤᠨ ᠬᠡᠰᠢᠬᠦᠨ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ︽ᠰᠡᠳᠬᠢᠯ ᠢᠶᠠᠨ ᠬᠤᠯᠪᠣᠬᠤ ᠬᠥᠭᠦᠷᠭᠡ︾ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠦᠭᠡᠢ ᠪᠠᠶᠢᠳᠠᠯ ᠢ ᠰᠠᠨᠠᠭᠠᠴᠢᠯᠠᠭ᠎ᠠ ᠲᠠᠢ ᠪᠣᠯᠭᠠᠨ ᠬᠤᠪᠢᠷᠠᠭᠤᠯᠵᠤ᠂ ᠤᠯᠠᠨ ᠲᠦᠮᠡᠨ ᠢ ᠦᠨᠡᠨ ᠪᠣᠳᠠᠲᠠᠢ ᠪᠠᠷ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠬᠦ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠠᠷᠢᠯᠭᠠᠬᠤ ᠠᠵᠢᠯ ᠢ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠬᠦ᠂ ᠡᠷᠲᠡ ᠠᠴᠠ ᠢᠯᠡᠷᠡᠭᠦᠯᠬᠦ᠂ ᠪᠠᠭ᠎ᠠ ᠠᠴᠠ ᠨᠢ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠲᠤᠷᠰᠢᠯᠭ᠎ᠠ ᠪᠠ ᠠᠷᠭ᠎ᠠ ᠬᠢᠳᠡᠯ ᠢᠶᠠᠨ ᠳ᠋ᠦᠩᠨᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠦᠪᠰᠢᠨ ᠪᠠ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号