ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/12
     10 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠴᠢ ᠴᠢᠬᠤᠯᠠ ᠬᠠᠷᠢᠭᠤ ᠵᠠᠬᠢᠳᠠᠯ ᠪᠣᠯᠣᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠬᠤᠯᠪᠤᠭᠳᠠᠯ ᠪᠦᠬᠦᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 74 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠠᠢᠮᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠷᠬᠢᠨ ᠲᠣᠭᠤᠷᠢᠨ ᠤ ᠠᠶᠢᠮᠠᠭ ᠬᠤᠳᠠ ᠵᠢᠴᠢ ᠬᠤᠯᠪᠤᠭᠳᠠᠯ ᠪᠦᠬᠦᠢ ᠠᠵᠤ ᠠᠬᠤᠶᠢᠯᠠᠯ ᠯᠤᠭ᠎ᠠ ᠶᠢᠨ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠪᠣᠬᠢᠷᠲᠤᠯ ᠦᠭᠡᠢ ᠡᠨᠧᠷᠭᠢ ᠰᠢᠩᠭᠡᠭᠡᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪᠰᠢᠨ ᠢᠶᠠᠨ ᠨᠢᠭᠡᠳᠦᠯᠲᠡᠢ ᠲᠥᠯᠥᠪᠵᠢᠭᠦᠯᠦᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠪᠦᠯᠬᠦᠮ ᠢ ᠪᠣᠶᠢᠵᠢᠭᠤᠯᠬᠤ ᠶᠢ ᠵᠣᠷᠢᠭᠵᠢᠭᠤᠯᠵᠤ᠂ ᠬᠥᠭᠵᠢᠯᠲᠡ ᠶᠢᠨ ᠣᠷᠣᠨ ᠵᠠᠢ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠠ ︽ᠦᠨᠡᠨ︾ ᠰᠡᠳᠬᠦᠯ ᠳᠤ ᠨᠡᠶᠢᠲᠡᠯᠡᠭᠰᠡᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠴᠢᠬᠤᠯᠠ ᠶᠡᠭᠡ ᠬᠠᠷᠢᠴᠠᠭ᠎ᠠ ᠨᠤᠭᠤᠳ ᠢ ᠰᠠᠶᠢᠲᠤᠷ ᠰᠢᠢᠳᠪᠦᠷᠢᠯᠡᠬᠦ ᠬᠡᠷᠡᠭᠲᠡᠢ︾ ᠭᠡᠰᠡᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠦᠬᠠᠢ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠳᠡᠢ ᠭᠡᠵᠡᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠵᠢᠴᠢ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠪᠠᠷ ᠢᠶᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠭᠤᠣᠯ ᠠᠭᠤᠯᠭ᠎ᠠ ᠪᠣᠯᠣᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ︽ᠲᠤᠯᠤᠭᠠᠨ ᠬᠦᠴᠦᠯᠡᠬᠦ︾ ᠴᠢᠬᠤᠯᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠬᠤ᠂ ᠰᠤᠳᠤᠯᠬᠤ᠂ ᠲᠣᠳᠣᠷᠬᠠᠶᠢᠯᠠᠨ ᠲᠠᠶᠢᠯᠪᠤᠷᠢᠯᠠᠬᠤ ᠡᠷᠴᠢᠮ ᠢᠶᠠᠨ ᠲᠠᠰᠤᠷᠠᠯᠳᠡ ᠦᠭᠡᠢ ᠴᠢᠩᠭᠠᠷᠠᠭᠤᠯᠵᠤ᠂ ᠤᠬᠠᠮᠰᠠᠷ ᠠᠴᠠ ᠪᠠᠨ ᠡᠨᠡᠬᠦ ᠴᠢᠬᠤᠯᠠ ᠦᠵᠡᠯ ᠰᠠᠨᠠᠭ᠎ᠠ ᠶᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠵᠢᠭᠰᠠᠭᠠᠯ ᠤᠨ ᠭᠠᠵᠠᠷ ᠤᠨ ᠤᠬᠠᠮᠰᠠᠷ ᠢᠶᠠᠨ ᠴᠢᠩᠭᠠᠳᠬᠠᠵᠤ᠂ ᠵᠥᠪ ᠲᠠᠯ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠰᠣᠶᠣᠯ ᠤᠨ ᠦᠢᠯᠡᠰ ᠢ ᠶᠡᠬᠡᠪᠡᠷ ᠴᠡᠴᠡᠭᠯᠡᠭᠦᠯᠦᠨ ᠬᠥᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠨ ᠦᠬᠠᠢ ᠳᠤ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠢ ᠵᠢᠭᠠᠨ ᠵᠢᠯᠤᠭᠤᠳᠬᠤ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠶᠢᠨ ᠦᠬᠠᠢ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠪᠡ᠃ ᠬᠤᠷᠠᠯ ᠠᠴᠠ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠵᠡᠷᠭᠡ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号