ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠦᠬᠠᠢ ᠳᠤ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2023/10/13
       — ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠢᠩᠪᠦ᠋ᠸᠧ ᠶᠢᠨ ᠮᠠᠲ᠋ᠧᠷᠢᠶᠠᠯ ᠰᠤᠳᠤᠯᠬᠤ ᠭᠠᠵᠠᠷ ᠤᠨ ᠰᠤᠳᠤᠯᠤᠭᠴᠢ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠵᠤ᠋ ᠶᠢᠨ ᠢ ᠰᠤᠷᠪᠤᠯᠵᠢᠯᠠᠭᠰᠠᠨ  ᠨᠢ

     10 ᠰᠠᠷ᠎ᠠ ᠶᠢᠨ 10 ᠤ ᠡᠳᠦᠷ᠂ 2023 ᠣᠨ ᠤ ᠳᠤᠮᠳᠠᠳᠤ ᠤᠯᠤᠰ ︵ᠦᠬᠠᠢ︶ ᠤᠨ ᠬᠤᠶᠠᠳᠤᠭᠠᠷ

ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ

ᠶᠡᠭᠡ ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠢᠩᠪᠦ᠋ᠸᠧ ᠶᠢᠨ

ᠮᠠᠲ᠋ᠧᠷᠢᠶᠠᠯ ᠤᠨ ᠰᠤᠳᠤᠯᠭᠠᠨ ᠤ ᠭᠠᠵᠠᠷ ᠤᠨ ᠰᠤᠳᠤᠯᠤᠭᠴᠢ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠵᠦ ᠶᠢᠨ

ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠦᠬᠠᠢ ᠬᠤᠳᠠ ᠶᠢᠨ ᠠᠵᠤ

ᠠᠬᠤᠶᠢᠯᠠᠯ ᠲᠠᠢ ᠭᠦᠨᠵᠡᠭᠡᠢ ᠬᠠᠮᠲᠤᠷᠠᠯᠴᠠᠭ᠎ᠠ ᠬᠢᠬᠦ ᠶᠢ ᠶᠡᠬᠡᠳᠡ ᠬᠦᠰᠡᠵᠦ ᠪᠠᠶᠢᠨ᠎ᠠ ᠭᠡᠵᠡᠢ᠃

     ᠠᠮᠢᠳᠤ ᠪᠣᠳᠠᠰ ᠤᠨ ᠵᠠᠳᠠᠷᠠᠵᠤ ᠪᠣᠯᠬᠤ ᠲᠣᠮᠣ ᠮᠣᠯᠧᠺᠦ᠋ᠯ ᠪᠣᠯ ᠰᠦᠯᠢᠶᠥᠦ ᠶᠢᠨ ᠪᠣᠬᠢᠷᠲᠤᠯ ᠤᠨ ᠪᠦᠬᠦ

ᠬᠡᠯᠬᠢᠶ᠎ᠡ ᠶᠢ ᠵᠠᠰᠠᠬᠤ ᠰᠢᠰᠲ᠋ᠧᠮ ᠤᠨ ᠴᠢᠬᠤᠯᠠ ᠭᠤᠭᠴᠤᠭ᠎ᠠ ᠪᠣᠯᠣᠨ᠎ᠠ᠃ ᠣᠳᠣᠬᠠᠨ ᠳᠤ᠂ ᠪᠥᠭᠡᠭᠡᠨᠡᠷᠡᠯ ᠰᠦᠨ ᠬᠦᠴᠢᠯ

︵PLA︶᠂ ᠪᠥᠭᠡᠭᠡᠨᠡᠷᠡᠯ ᠹᠧᠨᠢᠯ ᠬᠤᠶᠠᠷᠴᠢ ᠮᠧᠲ᠋ᠢᠯ ᠬᠦᠴᠢᠯ/ ᠾᠧᠺᠰᠠᠨᠳᠢᠤᠯ ᠪᠥᠲ᠋ᠠᠨᠳᠢᠤᠯ ᠡᠰᠲ᠋ᠧᠷ ︵PBAT︶

ᠵᠡᠷᠭᠡ ᠠᠮᠢᠳᠤ ᠪᠣᠳᠠᠰ ᠤᠨ ᠵᠠᠳᠠᠷᠠᠵᠤ ᠪᠣᠯᠬᠤ ᠪᠥᠭᠡᠭᠡᠨᠡᠷᠡᠯ ᠡᠰᠲ᠋ᠧᠷ ᠤᠨ ᠮᠠᠲ᠋ᠧᠷᠢᠶᠠᠯ ᠨᠢ ᠡᠯ᠎ᠡ ᠡᠲᠡᠭᠡᠳ ᠤᠨ ᠬᠢᠨ ᠤ

ᠠᠩᠬᠠᠷᠤᠯ ᠢ ᠳᠡᠭᠡᠳᠦ ᠬᠡᠮᠵᠢᠶ᠎ᠡ ᠪᠠᠷ ᠲᠠᠲᠠᠵᠤ ᠪᠠᠶᠢᠨ᠎ᠠ᠃ ᠵᠦ ᠶᠢᠨ ᠪᠣᠯᠣᠨ ᠲᠡᠭᠦᠨ ᠤ ᠪᠦᠯᠬᠦᠮ ᠤᠨ ᠬᠢᠨ ᠠᠮᠢᠳᠤ

ᠪᠣᠳᠠᠰ ᠤᠨ ᠪᠦᠯᠦᠭ ᠤᠨ ᠵᠠᠳᠠᠷᠠᠵᠤ ᠪᠣᠯᠬᠤ 1ᠮ᠊ ᠲᠧᠷᠢᠶᠠᠯ ᠢ ᠰᠤᠳᠤᠯᠤᠨ ᠨᠡᠭᠡᠭᠡᠬᠦ ᠠᠵᠢᠯ ᠢ ᠤᠳᠠᠭᠠᠨ ᠵᠢᠯ ᠢᠶᠠᠷ

ᠴᠢᠷᠮᠠᠶᠢᠨ ᠬᠢᠵᠦ᠂ ᠤᠯᠠᠨ ᠵᠦᠢᠯ ᠤᠨ ᠥᠨᠳᠥᠷ ᠬᠡᠢ ᠪᠡᠶᠡᠲᠦ ᠶᠢᠨ ᠬᠠᠷᠰᠢᠯᠠᠯ᠂ ᠥᠨᠳᠥᠷ ᠬᠦᠴᠦᠯᠡᠴᠡ ᠲᠠᠢ ᠬᠡᠪ

ᠬᠡᠮᠵᠢᠶ᠎ᠡ ᠲᠠᠢ ᠥᠨᠳᠥᠷ ᠴᠢᠳᠠᠪᠬᠢᠲᠤ ᠠᠮᠢᠳᠤ ᠪᠣᠳᠠᠰ ᠤᠨ ᠪᠦᠯᠦᠭ ᠤᠨ ᠵᠠᠳᠠᠷᠠᠵᠤ ᠪᠣᠯᠬᠤ ᠪᠥᠭᠡᠭᠡᠨᠡᠷᠡᠯ ᠡᠰᠲ᠋ᠧᠷ ᠢ

ᠠᠮᠵᠢᠯᠲᠠ ᠲᠠᠢ ᠨᠡᠭᠡᠭᠡᠨ ᠬᠥᠭᠵᠢᠭᠦᠯᠵᠡᠢ᠃

     ᠶᠡᠭᠡ ᠬᠤᠷᠠᠯ ᠤᠨ ᠬᠤᠭᠤᠴᠠᠭᠠᠨ ᠳᠤ᠂ ᠵᠦ ᠶᠢᠨ ︽ᠡᠵᠡᠮᠳᠡᠵᠦ ᠪᠣᠯᠬᠤ ᠠᠮᠢᠳᠤ ᠪᠣᠳᠠᠰ ᠤᠨ ᠵᠠᠳᠠᠷᠠᠵᠤ ᠪᠤᠯᠬᠤ

ᠲᠣᠮᠣ ᠮᠣᠯᠧᠺᠦ᠋ᠯ ᠤᠨ ᠵᠢᠷᠤᠭ ᠲᠥᠯᠥᠪᠯᠡᠭᠡ ᠪᠣᠯᠣᠨ ᠬᠡᠷᠡᠭᠯᠡᠭᠡᠨ ᠤ ᠰᠤᠳᠤᠯᠭᠠᠨ︾ ᠭᠡᠬᠦ ᠰᠡᠳᠦᠪ ᠢᠶᠠᠷ ᠭᠤᠣᠯ

ᠰᠡᠳᠦᠪᠲᠦ ᠲᠠᠶᠢᠯᠤᠮᠵᠢ ᠬᠢᠵᠡᠢ᠃ ᠵᠦ ᠶᠢᠨ ᠬᠡᠯᠡᠭᠰᠡᠨ ᠨᠢ᠂ ᠵᠠᠳᠠᠷᠠᠵᠤ ᠪᠣᠯᠬᠤ ᠮᠠᠲ᠋ᠧᠷᠢᠶᠠᠯ ᠤᠨ ᠭᠤᠣᠯ ᠲᠦᠭᠦᠬᠡᠢ

ᠮᠠᠲ᠋ᠧᠷᠢᠶᠠᠯ ᠨᠢ BDO ᠪᠤᠯᠤᠨ᠎ᠠ᠂ BDO ᠶᠢᠨ ᠭᠤᠣᠯ ᠲᠦᠭᠦᠬᠡᠢ ᠮᠠᠲ᠋ᠧᠷᠢᠶᠠᠯ ᠨᠢ ᠴᠠᠬᠢᠯᠠᠭᠤᠷ ᠴᠢᠯᠠᠭᠤ

ᠪᠤᠯᠤᠨ᠎ᠠ᠂ ᠴᠠᠬᠢᠯᠠᠭᠤᠷ ᠴᠢᠯᠠᠭᠤ ᠶᠢᠨ ᠦᠢᠯᠡᠳᠪᠦᠷᠢᠯᠡᠯ ᠨᠢ ᠬᠡᠦᠷᠡᠰᠦ ᠪᠠ ᠴᠣᠬᠤᠢ ᠶᠢᠨ ᠴᠢᠯᠠᠭᠤ ᠠᠴᠠ ᠰᠠᠯᠵᠤ

ᠴᠢᠳᠠᠬᠤ ᠦᠭᠡᠢ ᠶᠤᠮ᠃ ᠦᠬᠠᠢ ᠬᠤᠳᠠ ᠶᠢᠨ ᠴᠣᠬᠤᠢ ᠶᠢᠨ ᠴᠢᠯᠠᠭᠤ ᠶᠢᠨ ᠬᠠᠳᠠᠭᠠᠯᠠᠭᠳᠠᠴᠠ ᠲᠤᠶᠢᠯ ᠤᠨ ᠡᠯᠪᠡᠭ᠂

ᠡᠭᠦᠨ ᠤ ᠬᠠᠮᠲᠤ ᠪᠠᠰᠠ ᠡᠷᠭᠢᠯᠳᠦᠭᠦᠯᠦᠨ ᠥᠨᠳᠥᠷ ᠪᠦᠲᠦᠮᠵᠢᠲᠡᠢ ᠠᠰᠢᠭᠯᠠᠵᠤ ᠪᠣᠯᠬᠤ ᠬᠡᠦᠷᠡᠰᠦᠨ ᠵᠤᠤᠬ᠎ᠠ ᠶᠢᠨ

ᠨᠡᠭᠦᠷᠡᠰᠦᠨ ᠬᠡᠢ᠂ ᠡᠲ᠋ᠢᠨ ᠬᠡᠢ ᠵᠡᠷᠭᠡ ᠵᠠᠩᠭᠢᠯᠠᠭ᠎ᠠ ᠶᠢᠨ ᠲᠦᠭᠦᠬᠡᠢ ᠮᠠᠲ᠋ᠧᠷᠢᠶᠠᠯ ᠲᠠᠢ᠂ ᠴᠠᠬᠢᠯᠠᠭᠤᠷ ᠴᠢᠯᠠᠭᠤ᠂ ᠡᠲ᠋ᠢᠨ᠂

ᠮᠧᠲ᠋ᠢᠯ ᠠᠯᠳᠧᠭᠢᠳ᠋᠂ BDO᠂ PTMEG᠂ ᠵᠠᠳᠠᠷᠠᠵᠤ ᠪᠤᠯᠬᠤ ᠰᠦᠯᠢᠶᠥᠦ᠂ ᠠᠮᠢᠯᠤᠨ ᠵᠡᠷᠭᠡ ᠬᠡᠯᠬᠢᠶ᠎ᠡ ᠶᠢᠨ ᠠᠵᠤ

ᠦᠢᠯᠡᠰ ᠢ ᠪᠦᠷᠢᠯᠳᠦᠭᠦᠯᠵᠦ᠂ ᠮᠠᠨ ᠤ ᠰᠤᠳᠤᠯᠭᠠᠨ ᠳᠤ ᠮᠠᠰᠢ ᠶᠡᠭᠡ ᠬᠠᠪᠰᠤᠷᠤᠯᠭ᠎ᠠ ᠪᠣᠯᠬᠤ ᠶᠤᠮ ᠭᠡᠵᠡᠢ᠃

     ᠵᠦ ᠶᠢᠨ ᠢᠯᠡᠷᠭᠡᠶᠢᠯᠡᠭᠰᠡᠨ ᠨᠢ᠂ ᠦᠬᠠᠢ ᠬᠤᠳᠠ ᠶᠢᠨ ᠵᠠᠳᠠᠷᠠᠵᠤ ᠪᠣᠯᠬᠤ ᠮᠠᠲ᠋ᠧᠷᠢᠶᠠᠯ ᠢ ᠬᠥᠭᠵᠢᠭᠦᠯᠬᠦ ᠠᠵᠤ

ᠠᠬᠤᠶᠢᠯᠠᠯ ᠲᠠᠢ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠭᠦᠨᠵᠡᠭᠡᠢ ᠬᠠᠮᠲᠤᠷᠠᠯᠴᠠᠭ᠎ᠠ ᠲᠣᠬᠢᠷᠠᠯᠴᠠᠵᠤ᠂

ᠮᠠᠨ ᠤ ᠬᠤᠳᠠ ᠶᠢᠨ ᠠᠵᠤ ᠠᠬᠤᠶᠢᠯᠠᠯ ᠤᠨ ᠳᠠᠪᠠᠭᠤᠯᠢᠭ ᠢᠶᠠᠨ ᠠᠰᠢᠭᠯᠠᠵᠤ᠂ ᠵᠠᠳᠠᠷᠠᠵᠤ ᠪᠣᠯᠬᠤ ᠠᠮᠢᠳᠤ ᠪᠣᠳᠠᠰ ᠤᠨ

ᠮᠠᠲ᠋ᠧᠷᠢᠶᠠᠯ ᠢ ᠴᠢᠨᠠᠭᠰᠢᠳᠠ ᠰᠤᠳᠤᠯᠵᠤ᠂ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ

ᠦᠬᠠᠢ ᠳᠤ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号