ᠭᠤᠣᠯ ᠰᠡᠳᠦᠪᠲᠦ ᠬᠥᠮᠦᠵᠢᠯ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠦᠬᠠᠢ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2023/10/16
     10 ᠰᠠᠷ᠎ᠠ ᠶᠢᠨ 9 ᠤ ᠡᠳᠦᠷ ᠠᠴᠠ 12 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ ᠳᠤᠭᠤᠶᠢᠯᠠᠩ ᠳᠠᠭᠠᠭᠤᠯᠤᠨ ᠦᠬᠠᠢ ᠬᠤᠳᠠ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠳᠠ ᠶᠢᠨ ᠤᠳᠤᠷᠢᠳᠤᠯᠭ᠎ᠠ ᠼᠦᠢ ᠵᠢᠩ ᠶᠢᠩ᠂ ᠹᠧᠩ ᠰᠢᠤᠸᠠᠢ ᠲᠤᠤ᠂ ᠸᠠᠩ ᠸᠧᠨ ᠵᠢᠶᠧ ᠣᠷᠣᠯᠴᠠᠪᠡ᠃      9 ᠤ ᠡᠳᠦᠷ ᠤᠨ ᠦᠳᠡ ᠶᠢᠨ ᠡᠮᠦᠨ᠎ᠡ᠂ ᠯᠢ ᠭᠠᠩ ᠨᠠᠷ ᠦᠬᠠᠢ ᠬᠤᠳᠠ ᠶᠢᠨ ᠨᠠᠮ ᠤᠨ ᠬᠤᠷᠢᠶᠠᠨ ᠤ ᠤᠨᠤᠯ  ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃ ᠦᠬᠠᠢ ᠬᠤᠲᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ ᠪᠦᠷᠢᠯᠳᠦᠬᠦᠨ ᠤ ᠰᠤᠳᠤᠯᠤᠨ ᠶᠠᠷᠢᠯᠴᠠᠵᠤ ᠰᠣᠯᠢᠯᠴᠠᠬᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠯᠢ ᠭᠠᠩ ᠬᠡᠯᠡᠭᠰᠡᠨ  ᠨᠢ᠂ ᠲᠤᠭᠤᠷᠢᠨ ᠵᠢᠯᠤᠭᠤᠳᠬᠤ ᠳᠤᠭᠤᠶᠢᠯᠠᠩ ᠤᠨ ᠬᠢᠨ ᠦᠬᠠᠢ ᠬᠤᠳᠠ ᠶᠢᠨ ᠨᠠᠮ ᠤᠨ ᠬᠤᠷᠢᠶ᠎ᠠ ᠲᠠᠢ ᠠᠳᠠᠯᠢ ᠰᠡᠳᠦᠪ ᠢ ᠬᠠᠮᠲᠤᠪᠠᠷ ᠬᠠᠷᠢᠭᠤᠯᠵᠤ᠂ ᠲᠣᠭᠤᠷᠢᠨ ᠵᠢᠯᠤᠭᠤᠳᠬᠤ ᠠᠵᠢᠯ ᠢ ᠦᠢᠯᠡᠴᠢᠯᠡᠭᠡ ᠬᠠᠪᠰᠤᠷᠤᠯᠭ᠎ᠠ ᠶᠢᠨ ᠳᠤᠮᠳᠠ ᠪᠠᠭᠲᠠᠭᠠᠵᠤ᠂ ᠲᠤᠬᠠᠢ ᠶᠢᠨ ᠭᠠᠵᠠᠷ ᠲᠤᠨᠢ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠦᠷᠦᠯᠴᠡᠬᠦ ᠦᠭᠡᠢ ᠲᠠᠯ᠎ᠠ ᠶᠢ ᠨᠢ ᠵᠢᠭᠠᠨ ᠭᠠᠷᠭᠠᠵᠤ᠂ ᠦᠬᠠᠢ ᠬᠤᠳᠠ ᠶᠢᠨ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠦᠬᠠᠢ ᠬᠤᠳᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠡᠨᠡᠬᠦ ᠭᠤᠣᠯ ᠰᠡᠳᠦᠪ ᠭᠤᠣᠯ ᠱᠤᠭᠤᠮ ᠢ ᠪᠠᠲᠤ ᠡᠵᠡᠮᠰᠢᠵᠦ᠂ ᠨᠢᠭᠡᠳᠦᠭᠡᠷ ᠡᠬᠡᠯᠵᠢ ᠶᠢᠨ ᠭᠤᠣᠯ ᠰᠡᠳᠦᠪᠲᠦ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠭᠦᠢᠴᠡᠳ ᠲᠣᠯᠢᠯᠠᠨ ᠰᠠᠶᠢᠲᠤᠷ ᠠᠰᠢᠭᠯᠠᠵᠤ᠂ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠤᠶ᠎ᠠ︾ ᠭᠡᠬᠦ ᠲᠤᠰᠬᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠲᠠᠭᠠᠶ᠎ᠠ︾ ᠭᠡᠬᠦ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠦᠨᠡᠨ ᠪᠣᠳᠠᠲᠠᠢ ᠪᠠᠷ ᠠᠰᠠᠭᠤᠳᠠᠯ ᠢ ᠰᠢᠢᠳᠪᠦᠷᠢᠯᠡᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ ᠦᠨᠡᠨ ᠬᠦ ᠢᠯᠡᠷᠡᠭᠦᠯᠬᠦ ᠬᠡᠷᠡᠭᠲᠡᠢ ᠭᠡᠵᠡᠢ᠃      9 ᠤ ᠡᠳᠦᠷ ᠠᠴᠠ 11 ᠤ ᠡᠳᠦᠷ ᠪᠣᠯᠲᠠᠯ᠎ᠠ᠂ ᠯᠢ ᠭᠠᠩ ᠨᠠᠷ ᠬᠠᠶᠢᠷᠤᠪ ᠤᠨ ᠲᠣᠬᠤᠢ ᠲᠣᠭᠤᠷᠢᠭ ᠤᠨ ᠯᠠᠨ ᠲᠢᠶᠠᠨ ᠨᠡᠶᠢᠭᠡᠮ ᠲᠣᠭᠤᠷᠢᠭ᠂ ᠬᠠᠶᠢᠨᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠸᠠ ᠶᠤᠸᠠᠨ ᠨᠡᠶᠢᠭᠡᠮ ᠲᠣᠭᠤᠷᠢᠭ᠂ ᠤᠳᠠ ᠲᠣᠭᠤᠷᠢᠭ ᠤᠨ ᠲᠦᠪ ᠡᠮᠨᠡᠯᠭᠡ ᠶᠢᠨ ᠬᠤᠷᠢᠶ᠎ᠠ᠂ ᠰᠢᠶᠠᠨ ᠹᠧᠩ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠭᠤᠣᠯ ᠰᠡᠳᠦᠪᠲᠦ ᠬᠥᠮᠦᠵᠢᠯ ᠵᠢᠴᠢ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠲᠠᠭᠠᠶ᠎ᠠ︾ ᠭᠡᠬᠦ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠦᠭᠰᠡᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠯᠢ ᠭᠠᠩ᠂ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠣᠷᠭᠠᠨᠢᠭ ᠢᠶᠠᠷ ᠨᠡᠪᠲᠡᠷᠡᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢᠶᠠᠷ ᠪᠣᠳᠠᠲᠠᠢ ᠠᠵᠢᠯ ᠢᠶᠠᠨ ᠦᠨᠡᠨᠬᠦ ᠬᠥᠲᠥᠯᠥᠨ ᠳᠠᠭᠠᠭᠤᠯᠵᠤ᠂ ᠪᠣᠳᠠᠲᠠᠢ ᠠᠵᠢᠯ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠡᠢ᠃      12 ᠤᠨ ᠡᠳᠦᠷ᠂ ᠯᠢ ᠭᠠᠩ ᠨᠠᠷ ᠦᠬᠠᠢ ᠬᠤᠳᠠ ᠶᠢᠨ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠤᠶ᠎ᠠ︾ ᠭᠡᠬᠦ ᠲᠥᠪᠯᠡᠷᠡᠩᠭᠦᠢ ᠲᠣᠭᠤᠷᠢᠨ ᠦᠵᠡᠵᠦ ᠪᠠᠶᠢᠴᠠᠭᠠᠨ ᠰᠤᠳᠤᠯᠬᠤ ᠵᠢᠴᠢ ᠭᠤᠣᠯᠳᠠᠯᠭ᠎ᠠ ᠲᠠᠢ ᠲᠦᠷᠦᠯ ᠵᠦᠢᠯ ︽ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠣᠷᠢ ᠣᠷᠣᠯᠳᠣᠬᠤ ᠮᠡᠲᠤ ᠪᠠᠷ ᠬᠦᠴᠦᠯᠡᠶ᠎ᠡ︾ ᠭᠡᠬᠦ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠵᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠦᠷ᠎ᠡ ᠪᠦᠲᠦᠮᠵᠢ ᠶᠢ ᠨᠢ ᠣᠶᠢᠯᠠᠭᠠᠪᠠ᠃ ᠲᠤᠰ ᠡᠳᠦᠷ ᠤᠨ ᠦᠳᠡ ᠶᠢᠨ ᠬᠤᠶᠢᠨ᠎ᠠ᠂ ᠯᠢ ᠭᠠᠩ ᠨᠠᠷ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠶᠠᠷᠢᠯᠴᠠᠬᠤ ᠬᠤᠷᠠᠯ ᠳᠤ ᠣᠷᠣᠯᠴᠠᠵᠤ᠂ ᠳᠡᠭᠡᠳᠦ ᠰᠤᠷᠭᠠᠭᠤᠯᠢ ᠶᠢᠨ ᠭᠤᠣᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠦᠭᠰᠡᠨ ᠪᠠᠶᠢᠳᠠᠯ᠂ ᠬᠡᠰᠡᠭ ᠲᠤᠰᠬᠠᠢ ᠲᠦᠷᠦᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠢ ᠰᠣᠨᠣᠰᠪᠠ᠃ ᠯᠢ ᠭᠠᠩ ᠬᠡᠯᠡᠭᠰᠡᠨ ᠨᠢ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠥᠷᠭᠡᠨ ᠤᠯᠠᠨ ᠪᠠᠭᠰᠢ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠶᠢᠯᠠᠭᠠᠵᠤ᠂ ᠪᠠᠶᠢᠴᠠᠭᠠᠨ ᠰᠤᠳᠤᠯᠬᠤ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠪᠣᠳᠠᠲᠠᠢ ᠠᠰᠠᠭᠤᠳᠠᠯ ᠢᠶᠠᠨ ᠦᠨᠡᠨᠬᠦ ᠰᠢᠢᠳᠪᠦᠷᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠠᠳᠬᠤᠵᠤ᠂ ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号