ᠼᠦᠢ ᠵᠢᠩ ᠶᠢᠩ ᠤᠳᠠ ᠲᠣᠭᠤᠷᠢᠭ ᠲᠤ ᠳᠤᠯᠠᠭᠠᠯᠭ᠎ᠠ ᠶᠢᠨ ᠪᠠᠲᠤᠯᠠᠭ᠎ᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2023/10/16
     10 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠤᠳᠠ ᠲᠣᠭᠤᠷᠢᠭ ᠲᠤ ᠬᠦᠷᠴᠦ ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠣᠷᠣᠯᠴᠠᠪᠠ᠃      ᠼᠦᠢ ᠵᠢᠩ ᠶᠢᠩ ᠨᠠᠷ ᠤᠷᠢᠳ ᠬᠤᠵᠢᠳ ᠥᠪᠥᠷ ᠮᠣᠩᠭᠤᠯ ᠤᠨ ᠳ᠋ᠦᠩ ᠵᠢᠩ ᠴᠠᠬᠢᠯᠭᠠᠨ ᠤ ᠦᠢᠯᠡᠳᠪᠦᠷᠢ ᠶᠢᠨ ᠢᠯᠴᠢ ᠬᠠᠩᠭᠠᠬᠤ ᠠᠩᠬᠠᠨ ᠤ ᠦᠷᠳᠡᠭᠡ᠂ ᠤᠳᠠ ᠲᠣᠭᠤᠷᠢᠭ ᠤᠨ ᠢᠯᠴᠢ ᠶᠢᠨ ᠬᠦᠴᠦᠨ ᠤ ᠲᠣᠬᠢᠷᠠᠭᠤᠯᠤᠯᠲᠠ ᠶᠢᠨ ᠲᠠᠪᠴᠠᠩ ᠳᠤ ᠬᠦᠷᠴᠦ᠂ ᠲᠥᠬᠦᠭᠡᠷᠦᠮᠵᠢ ᠶᠢᠨ ᠠᠵᠢᠯᠯᠠᠭ᠎ᠠ᠂ ᠢᠯᠴᠢ ᠶᠢᠨ ᠡᠬᠢ ᠰᠤᠷᠪᠤᠯᠵᠢ ᠶᠢᠨ ᠪᠠᠲᠤᠯᠠᠭ᠎ᠠ᠂ ᠣᠶᠤᠨᠴᠢ ᠢᠯᠴᠢ ᠬᠠᠩᠭᠠᠯᠭ᠎ᠠ᠂ ᠬᠤᠭᠤᠯᠠᠢ ᠶᠢᠨ ᠲᠣᠣᠷ ᠤᠨ ᠬᠠᠮᠠᠭᠠᠯᠠᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠨᠠᠮᠤᠷ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠣᠯᠠᠨ ᠤ ᠬᠠᠯᠠᠭᠤᠨ ᠬᠦᠢᠲᠡᠨ ᠳᠤ ᠬᠤᠯᠪᠣᠭᠳᠠᠵᠤ᠂ ᠨᠢᠭᠡᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠃ ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠵᠦᠢᠯ ᠤᠨ ᠢᠯᠴᠢ ᠬᠠᠩᠭᠠᠬᠤ ᠪᠡᠯᠡᠳᠬᠡᠯ ᠠᠵᠢᠯ ᠢᠶᠠᠨ ᠪᠣᠳᠠᠲᠠᠶᠢᠵᠢᠭᠤᠯᠤᠨ ᠨᠠᠷᠢᠯᠢᠭ ᠬᠢᠵᠦ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠢᠯᠴᠢ ᠶᠢᠨ ᠢᠷᠡᠯᠲᠡ ᠶᠢ ᠲᠣᠬᠢᠷᠠᠭᠤᠯᠬᠤ᠂ ᠬᠤᠭᠤᠯᠠᠢ ᠶᠢᠨ ᠲᠣᠣᠷ ᠢ ᠬᠠᠮᠠᠭᠠᠯᠠᠬᠤ᠂ ᠲᠥᠬᠦᠭᠡᠷᠦᠮᠵᠢ ᠪᠠᠨ ᠪᠠᠶᠢᠴᠠᠭᠠᠨ ᠵᠠᠰᠠᠬᠤ᠂ ᠲᠤᠷᠰᠢᠨ ᠠᠵᠢᠯᠯᠠᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠰᠠᠶᠢᠲᠤᠷ ᠬᠢᠵᠦ᠂ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠤ ᠳᠤᠯᠠᠭᠠᠯᠭ᠎ᠠ ᠶᠢᠨ ᠬᠦᠰᠡᠯ ᠱᠠᠭᠠᠷᠳᠠᠯᠭ᠎ᠠ ᠳᠤ ᠴᠠᠭ ᠲᠤᠬᠠᠢ  ᠳᠤᠨᠢ ᠬᠠᠷᠢᠭᠤᠯᠲᠠ ᠥᠭᠴᠦ᠂ ᠦᠨᠡᠨ ᠰᠡᠳᠬᠢᠯ ᠠᠴᠠ ᠪᠠᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠤᠳᠠ ᠲᠣᠭᠤᠷᠢᠭ ᠤᠨ ᠪᠢᠨ ᠬᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠡᠷ ᠲᠤ᠂ ᠼᠦᠢ ᠵᠢᠩ ᠶᠢᠩ ᠠᠷᠢᠭᠤᠨ ᠴᠡᠪᠡᠷ ᠳᠤᠯᠠᠭᠠᠯᠠᠭ᠎ᠠ ᠶᠢᠨ ︽ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ︾ ᠲᠥᠬᠦᠭᠡᠷᠦᠮᠵᠢ ᠶᠢᠨ ᠬᠡᠷᠡᠭᠯᠡᠯᠲᠡ ᠵᠢᠴᠢ ᠳᠤᠯᠠᠭᠠᠯᠠᠭ᠎ᠠ ᠶᠢᠨ ᠦᠷ᠎ᠡ ᠪᠦᠲᠦᠮᠵᠢ ᠵᠡᠷᠭᠡ ᠪᠠᠶᠢᠳᠠᠯ ᠢ ᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠴᠡᠪᠡᠷ ᠡᠨᠧᠷᠭᠢ ᠬᠡᠷᠡᠭᠯᠡᠭᠦᠯᠵᠦ᠂ ︽ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ︾ ᠠᠵᠢᠯ ᠢᠶᠠᠨ ᠭᠦᠨᠵᠡᠭᠡᠢ ᠪᠥᠭᠡᠳ ᠨᠠᠷᠢᠯᠢᠭ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠦᠨᠡᠨ ᠬᠦ ᠰᠠᠶᠢᠲᠤᠷ ᠬᠢᠵᠦ᠂ ᠰᠠᠶᠢᠨ ᠶᠠᠪᠤᠳᠠᠯ ᠢ ᠦᠨᠡᠨ ᠬᠦ ᠪᠣᠳᠠᠲᠠᠢ ᠪᠠᠷ ᠬᠢᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号