ᠼᠦᠢ ᠵᠢᠩ ᠶᠢᠩ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠠᠳᠤᠨ ᠭᠤᠣᠯ ᠤᠨ︽︿几﹀ ᠦᠰᠦᠭᠲᠤ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/10/16
     10 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ᠂ ᠤᠳᠠ ᠲᠣᠭᠤᠷᠢᠭ ᠲᠤ ᠬᠦᠷᠴᠦ᠂ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠠᠳᠤᠨ ᠭᠤᠣᠯ ᠤᠨ︽︿几﹀ ᠦᠰᠦᠭᠲᠤ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠣᠷᠣᠯᠴᠠᠪᠠ᠃      ᠼᠦᠢ ᠵᠢᠩ ᠶᠢᠩ ᠨᠠᠷ ᠤᠷᠢᠳ ᠬᠤᠵᠢᠳ ᠭᠠᠨᠳᠠᠷᠢ ᠠᠭᠤᠯᠠᠨ ᠤ ᠬᠤᠶᠠᠳᠤᠭᠠᠷ ᠬᠤᠭᠤᠴᠠᠭᠠᠨ ᠤ ᠶᠡᠷᠦᠩᠬᠡᠶᠢᠯᠡᠭᠰᠡᠨ ᠵᠠᠰᠠᠯᠳᠠ᠂ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠪᠠ ᠠᠭᠤᠷᠬᠠᠢ ᠶᠢᠨ ᠣᠷᠣᠨ ᠤ ᠡᠷᠬᠢᠨ ᠲᠣᠭᠤᠷᠢᠨ ᠤ ᠠᠮᠢ ᠠᠬᠤᠢ ᠶᠢ ᠵᠠᠰᠠᠨ ᠰᠡᠷᠭᠦᠭᠡᠬᠦ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠤᠷ ᠲᠤ ᠬᠦᠷᠴᠦ᠂ ᠲᠦᠷᠦᠯ ᠵᠦᠢᠯ ᠤᠨ ᠲᠥᠯᠦᠪᠵᠢᠭᠦᠯᠭᠡ᠂ ᠤᠷᠭᠤᠮᠠᠯ ᠤᠨ ᠬᠤᠴᠢᠯᠭ᠎ᠠ ᠶᠢᠨ ᠤᠷᠭᠤᠴᠠ ᠶᠢᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠠᠰᠠᠭᠰᠠᠨ ᠦᠷ᠎ᠡ ᠪᠦᠲᠦᠮᠵᠢ᠂ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠤᠯᠤᠰ ᠤᠨ ᠲᠤᠮᠤ ᠶᠠᠪᠤᠳᠠᠯ︾ ᠤᠨ ᠦᠨᠳᠦᠷᠴᠡ ᠠᠴᠠ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠠ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠵᠤ᠂ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠳᠤᠨ ᠭᠤᠣᠯ ᠤᠨ ︽︿几﹀ ᠦᠰᠦᠭᠲᠤ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠵᠣᠬᠢᠰᠲᠠᠢ ᠲᠣᠬᠢᠷᠠᠭᠤᠯᠵᠤ᠂ ︽ᠨᠣᠭᠤᠭᠠᠷᠠᠭᠤᠯᠵᠤ ᠡᠯᠡᠰᠦ ᠶᠢ ᠲᠤᠭᠳᠠᠪᠤᠷᠢᠵᠢᠭᠤᠯᠬᠤ︾ ᠰᠠᠶᠢᠨ ᠰᠠᠶᠢᠬᠠᠨ ᠬᠠᠨᠳᠤᠰᠢ ᠶᠢ ᠦᠨᠡᠨᠬᠦ ᠪᠠᠬᠢᠵᠢᠭᠦᠯᠦᠨ ᠬᠥᠭᠵᠢᠭᠦᠯᠬᠦ ᠬᠡᠷᠡᠭᠳᠡᠢ᠃ ᠣᠲᠣ ᠶᠢᠨ ᠪᠠᠶᠢᠭ᠎ᠠ ᠢᠨᠵᠧᠨᠧᠷᠢᠩ ᠤᠨ ᠲᠥᠷᠥᠯ ᠵᠦᠢᠯ ᠢ ᠰᠢᠯᠢᠳᠡᠭᠵᠢᠭᠦᠯᠦᠨ ᠨᠢᠭᠡᠳᠬᠡᠭᠰᠡᠨ ᠰᠠᠭᠤᠷᠢᠨ ᠳᠡᠭᠡᠷ᠎ᠡ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ᠂ ᠴᠥᠭᠦᠷᠥᠮ ᠤᠨ ᠣᠷᠣᠨ ᠤ ᠬᠤᠷᠠᠳᠠᠰᠣ ᠶᠢ ᠠᠷᠢᠯᠭᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠬᠠᠢ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ︽ᠬᠡᠷᠡᠯ ᠸᠣᠯᠲ+ ᠠᠮᠢ ᠠᠬᠤᠢ ᠶᠢ ᠰᠡᠷᠭᠦᠭᠡᠬᠦ︾ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠨᠡᠶᠢᠭᠡᠮ ᠤᠨ ᠬᠥᠷᠥᠩᠭᠡ ᠶᠢᠨ ᠲᠠᠷᠬᠠᠮᠠᠯ ᠮᠠᠶ᠋ᠢᠭ ᠤᠨ ᠬᠡᠷᠡᠯ ᠸᠣᠯᠲ᠂ ᠰᠠᠯᠬᠢᠨ ᠬᠦᠴᠦᠨ ᠤ ᠴᠠᠬᠢᠯᠭᠠᠨ ᠵᠡᠷᠭᠡ ᠲᠥᠷᠥᠯ ᠵᠦᠢᠯ ᠢ ᠪᠠᠶᠢᠭᠤᠯᠬᠤ ᠶᠢ ᠵᠣᠷᠢᠭᠵᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠤᠨ ︽ᠣᠯᠠᠨ ᠲᠠᠯ᠎ᠠ ᠪᠠᠷ ᠠᠰᠢᠭ ᠭᠥᠷᠳᠡᠬᠦ︾ ᠶᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号