ᠲᠠᠩ ᠢ ᠱᠠᠩᠬᠠᠢ ᠶᠢᠨ ᠪᠦᠦ ᠦ᠋ ᠴᠡᠪᠡᠷ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠵᠠᠬᠢᠷᠤᠭᠴᠢ ᠸᠧᠢ ᠸᠧᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/10/16
     ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠱᠠᠩᠬᠠᠢ ᠶᠢᠨ ᠪᠦᠦ ᠦ᠋ ᠴᠡᠪᠡᠷ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠵᠠᠬᠢᠷᠤᠭᠴᠢ ᠸᠧᠢ ᠸᠧᠢ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠪᠠ᠃ ᠬᠤᠲᠠ ᠶᠢᠨ ᠤᠳᠤᠷᠢᠳᠤᠯᠭ᠎ᠠ ᠼᠦᠢ ᠵᠢᠩ ᠶᠢᠩ᠂ ᠰᠦᠨ ᠬᠤᠸ᠂ ᠯᠢ ᠴᠦᠨ ᠰᠢᠶᠣᠣ᠂ ᠭᠤᠸ ᠪᠥᠸᠧ ᠣᠷᠣᠯᠴᠠᠪᠡ᠃      ᠲᠠᠩ ᠢ ᠸᠧᠢ ᠸᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠱᠠᠩᠬᠠᠢ ᠶᠢᠨ ᠪᠦᠦ ᠦ᠋ ᠴᠡᠪᠡᠷ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠦᠬᠠᠢ ᠬᠤᠳᠠ ᠶᠢᠨ ᠬᠢᠨ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠵᠤ᠂ ᠰᠠᠯᠭᠢ ᠬᠡᠷᠡᠯ ᠤᠰᠤᠲᠥ᠋ᠷᠥᠭᠴᠢ ᠡᠨᠧᠷᠭᠢ ᠶᠢ ᠨᠥᠭᠡᠴᠡᠯᠡᠨ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠬᠠᠮᠤᠭ ᠤᠨ ᠲᠣᠮᠣ BDO  ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠷᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠬᠡᠨ ᠠᠪᠬᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠤᠰᠤᠲᠥ᠋ᠷᠥᠭᠴᠢ ᠡᠨᠧᠷᠭᠢ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠶᠡᠭᠡ ᠡᠷᠡᠮᠡᠯᠵᠡᠯ ᠲᠠᠢ᠂ ᠰᠠᠷᠠᠭᠤᠯ ᠢᠷᠡᠭᠡᠳᠦᠢ ᠲᠠᠢ ᠶᠤᠮ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤᠮᠳᠠ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠦᠢᠯᠡᠴᠢᠯᠡᠭᠡᠨ ᠤ ᠪᠠᠲᠤᠯᠠᠭ᠎ᠠ ᠪᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠰᠢᠭᠲᠠᠢ ᠨᠥᠬᠦᠴᠡᠯ ᠢ ᠡᠭᠦᠳᠴᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠡᠢ᠃      ᠸᠧᠢ ᠸᠧᠢ ᠠᠵᠤ ᠠᠬᠤᠶᠢᠯᠠᠯ ᠤᠨ ᠠᠵᠤ ᠦᠢᠯᠡᠰ ᠤᠨ ᠪᠠᠶᠢᠷᠢᠰᠢᠯ᠂ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠢᠯᠡᠷᠬᠡᠶᠢᠯᠡᠭᠰᠡᠨ ᠨᠢ᠂ ᠪᠦᠦ ᠦ᠋ ᠴᠡᠪᠡᠷ ᠡᠨᠧᠷᠬᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠴᠡᠪᠡᠷ ᠡᠨᠧᠷᠭᠢ ᠶᠢ ᠨᠡᠭᠡᠭᠡᠨ ᠠᠰᠢᠭᠯᠠᠬᠤ᠂ ᠡᠨᠧᠷᠭᠢ ᠲᠣᠣᠷ ᠲᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号