ᠨᠡᠪᠲᠡᠷᠡᠯᠴᠡᠭᠡ ᠶᠢᠨ ᠬᠥᠭᠦᠷᠭᠡ ᠶᠢ ᠲᠠᠯᠪᠢᠵᠤ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠵᠦ ᠬᠥᠳᠡᠯᠭᠡᠬᠦ ᠬᠦᠴᠦᠨ ᠢ ᠨᠢ ᠨᠡᠮᠡᠭᠳᠡᠭᠦᠯᠦᠶ᠎ᠠ
ᠨᠡᠶᠢᠲᠡᠯᠡᠭᠰᠡᠨ ᠴᠠᠭ᠄
2023/10/17
       —ᠬᠤᠲᠠ ᠶᠢᠨ ᠭᠤᠸᠠᠩᠵᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠦ᠋ ᠶᠤᠸᠠᠢ ᠮᠢᠩ ᠢ ᠰᠤᠷᠪᠤᠯᠵᠢᠯᠠᠭᠰᠠᠨ ᠨᠢ

     ᠲᠦᠷᠦᠭᠦᠬᠡᠨ᠂ ᠬᠤᠲᠠ ᠶᠢᠨ ᠭᠤᠸᠠᠩᠵᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ

ᠳᠠᠭᠠᠭᠠᠮᠠᠯ ᠦ᠋ ᠶᠤᠸᠠᠢ ᠮᠢᠩ ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂

10 ᠰᠠᠷ᠎ᠠ ᠶᠢᠨ 10 ᠤ ᠡᠳᠦᠷ᠂ 2023 ᠳᠤᠮᠳᠠᠳᠤ ᠤᠯᠤᠰ ︵ᠦᠬᠠᠢ︶ ᠤᠨ ᠬᠤᠶᠠᠳᠤᠭᠠᠷ ᠬᠤᠭᠤᠴᠠᠭᠠᠨ ᠤ

BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠮᠠᠨ ᠤ

ᠬᠤᠲᠠ ᠳᠤ ᠬᠤᠷᠠᠯᠳᠣᠪᠠ᠃ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠳᠡᠭᠡᠳᠦ

ᠳᠣᠣᠷᠠᠳᠤ ᠤᠷᠤᠰᠬᠠᠯ ᠤᠨ ᠠᠵᠤ ᠠᠬᠤᠶᠢᠯᠠᠯ ᠳᠤ ᠨᠠᠩ ᠥᠷᠭᠡᠨ ᠬᠡᠪᠴᠢᠶᠡᠨ ᠤ᠂ ᠨᠠᠩ ᠭᠦᠨ ᠲᠠᠰ ᠳᠠᠪᠬᠤᠷᠭ᠎ᠠ ᠶᠢᠨ᠂

ᠨᠠᠩ ᠥᠨᠳᠥᠷ ᠬᠢᠷᠢ ᠲᠦᠪᠰᠢᠨ ᠪᠦᠬᠦᠢ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ ᠥᠭᠴᠦ᠂

ᠤᠯᠤᠰ ᠤᠨ ᠶᠠᠮᠤᠨ ᠵᠦᠪᠯᠡᠯ᠂ ᠠᠵᠢᠯ ᠲᠥᠷᠥᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠤᠳᠤᠯᠭᠠᠨ ᠶᠡᠭᠡ ᠳᠡᠭᠡᠳᠦ

ᠰᠤᠷᠭᠠᠭᠤᠯᠢ᠂ ᠭᠤᠣᠯᠳᠠᠯᠭ᠎ᠠ ᠲᠠᠢ ᠠᠵᠤ ᠠᠬᠤᠶᠢᠯᠠᠯ ᠵᠡᠷᠭᠡ 300 ᠰᠢᠬᠠᠮ ᠲᠤᠰᠬᠠᠢ ᠮᠡᠷᠭᠡᠵᠢᠯᠲᠡᠨ᠂ ᠡᠷᠳᠡᠮᠲᠡᠨ᠂

ᠠᠵᠢᠯ ᠨᠢᠭᠡᠲᠡᠨ ᠲᠠᠢ ᠬᠠᠮᠲᠤ ᠪᠠᠷ ᠬᠤᠰᠢᠭᠤᠷᠠᠯ ᠣᠶᠢᠯᠠᠭᠠᠭᠳᠠᠬᠤᠨ ᠪᠠ ᠮᠡᠷᠭᠡᠵᠢᠯ ᠢ ᠬᠠᠶᠢᠨ ᠰᠦᠪᠡᠭᠴᠢᠯᠡᠵᠦ᠂ ᠠᠵᠤ

ᠦᠢᠯᠡᠰ ᠤᠨ ᠬᠥᠭᠵᠢᠯᠲᠡ ᠶᠢᠨ ᠰᠠᠶᠢᠨ ᠠᠷᠭ᠎ᠠ ᠪᠣᠳᠣᠯᠭ᠎ᠠ ᠶᠢ ᠰᠦᠪᠡᠭᠴᠢᠯᠡᠬᠦ ᠳᠤ ᠨᠢᠭᠡ ᠤᠳᠠᠭᠠᠨ ᠤ ᠣᠯᠳᠠᠰᠢ

ᠦᠭᠡᠢ ᠵᠠᠪᠰᠢᠶᠠᠨ ᠢ ᠬᠠᠩᠭᠠᠵᠠᠢ ᠭᠡᠵᠡᠢ᠃

     ᠦ᠋ ᠶᠤᠸᠠᠢ ᠮᠢᠩ ᠬᠡᠯᠡᠭᠰᠡᠨ ᠨᠢ᠂ ᠣᠶᠢᠷ᠎ᠠ ᠶᠢᠨ ᠵᠢᠯ ᠳᠤ᠂ ᠮᠠᠨ ᠤ ᠬᠤᠲᠠ ᠴᠢᠨᠠᠷ ᠰᠠᠶᠢᠲᠠᠢ ᠬᠥᠭᠵᠢᠯᠲᠡ ᠶᠢ

ᠲᠦᠯᠬᠢᠨ ᠠᠬᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠡᠬᠢ ᠪᠠᠶᠠᠯᠢᠭ ᠤᠨ ᠲᠥᠷᠥᠯᠬᠢ

ᠠᠪᠢᠶᠠᠰ ᠪᠠ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠾᠯᠣᠷ

ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠯᠪᠣᠯᠳᠤᠨ ᠬᠥᠭᠵᠢᠬᠦ ᠶᠢ ᠶᠡᠭᠡ ᠪᠠᠷ ᠲᠦᠯᠬᠢᠨ ᠠᠬᠢᠭᠤᠯᠪᠡ᠃

ᠭᠤᠸᠠᠩᠵᠢᠨ ᠤ ᠰᠢᠨ᠎ᠡ ᠮᠠᠲ᠋ᠧᠷᠢᠶᠠᠯ BDO— PBAT ᠢ ᠨᠢᠭᠡ ᠴᠣᠭᠴᠠᠵᠢᠭᠤᠯᠬᠤ ᠲᠦᠷᠦᠯ ᠵᠦᠢᠯ ᠪᠣᠯ

ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠡᠦᠷᠰᠢᠭᠦᠯᠦᠭᠰᠡᠨ ᠳᠡᠳ᠋

ᠭᠠᠷᠤᠯᠲᠠ ᠶᠢᠨ ᠮᠧᠲ᠋ᠢᠯ ᠠᠯᠺᠣᠣᠯ ᠪᠣᠯᠣᠨ ᠤᠰᠤᠲᠥ᠋ᠷᠥᠭᠴᠢ ᠬᠡᠢ ᠶᠢ ᠠᠰᠢᠭᠯᠠᠨ ᠳᠣᠣᠷᠠᠳᠤ ᠤᠷᠤᠰᠬᠠᠯ ᠤᠨ ᠳᠣᠣᠷ᠎ᠠ

ᠨᠡᠭᠦᠷᠡᠰᠦᠲᠥ᠋ᠷᠥᠭᠴᠢᠲᠦ ᠣᠷᠴᠢᠨ ᠲᠣᠭᠤᠷᠢᠨ ᠢ ᠬᠠᠮᠠᠭᠠᠯᠠᠬᠤ BDO᠂ ᠵᠠᠳᠠᠷᠠᠵᠤ ᠪᠣᠯᠬᠤ ᠰᠦᠯᠢᠶᠥᠦ ᠵᠡᠷᠭᠡ

ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠲᠡᠰᠢ ᠤᠷᠲᠤᠳᠬᠠᠵᠤ᠂

ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠬᠤ ᠲᠡᠰᠢ ᠬᠡᠯᠪᠡᠷᠢ ᠪᠠᠨ ᠲᠦᠷᠭᠡᠨ ᠬᠤᠪᠢᠷᠠᠭᠤᠯᠬᠤ

ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠮᠠᠨ ᠤ ᠦᠢᠯᠡᠳᠬᠦᠨ ᠢ ᠬᠥᠩᠭᠡᠨ ᠬᠡᠮᠵᠢᠶᠡᠨ ᠤ ᠠᠵᠤ ᠦᠢᠯᠡᠳᠪᠦᠷᠢ ᠶᠢᠨ

ᠮᠠᠲ᠋ᠧᠷᠢᠶᠠᠯ᠂ ᠳᠣᠣᠷᠠᠳᠤ ᠤᠷᠤᠰᠬᠠᠯ ᠤᠨ ᠲᠠᠷᠢᠶᠠᠨ ᠡᠮ᠂ ᠡᠮ ᠡᠮᠨᠡᠯᠭᠡ᠂ ᠵᠠᠰᠠᠯ ᠴᠢᠮᠡᠭ ᠤᠨ ᠡᠳ᠋ ᠪᠣᠯᠣᠨ ᠵᠠᠳᠠᠷᠠᠵᠤ

ᠪᠣᠯᠬᠤ ᠰᠦᠯᠢᠶᠥᠦ ᠵᠡᠷᠭᠡ ᠬᠦᠷᠢᠶᠡᠨ ᠳᠤ ᠬᠡᠷᠡᠭᠯᠡᠵᠦ᠂ ᠬᠡᠷᠡᠭᠯᠡᠭᠡᠨ ᠤ ᠢᠷᠡᠭᠡᠳᠦᠢ ᠥᠷᠭᠡᠨ ᠠᠭᠤᠳᠠᠮ ᠪᠠᠶᠢᠨ᠎ᠠ ᠭᠡᠵᠡᠢ᠃

     ᠦ᠋ ᠶᠤᠸᠠᠢ ᠮᠢᠩ ᠢᠯᠡᠷᠭᠡᠶᠢᠯᠡᠭᠰᠡᠨ ᠨᠢ᠂ ᠮᠠᠨ ᠤ ᠬᠤᠲᠠ BDO ᠠᠵᠤ ᠦᠢᠯᠡᠰ ᠤᠨ ᠮᠡᠷᠭᠡᠵᠢᠯ ᠤᠨ

ᠰᠢᠨ᠎ᠡ ᠶᠢ ᠡᠭᠦᠳᠬᠦ ᠲᠥᠪ᠂ BDO ᠠᠵᠢᠯ ᠲᠥᠷᠥᠯ ᠤᠨ ᠨᠡᠶᠢᠭᠡᠮᠯᠢᠭ ᠢ ᠪᠠᠶᠢᠭᠤᠯᠵᠤ᠂ ᠳᠤᠮᠳᠠᠳᠤ ᠤᠯᠤᠰ ᠤᠨ

BDO ᠠᠵᠤ ᠦᠢᠯᠡᠰ ᠤᠨ ᠬᠦᠭᠵᠢᠬᠦᠯᠦᠯᠳᠡ ᠶᠢᠨ ᠶᠡᠭᠡ ᠬᠤᠷᠠᠯ ᠤᠨ ᠥᠨᠢᠳᠡ ᠶᠢᠨ ᠡᠷᠬᠢᠯᠡᠬᠦ ᠭᠠᠵᠠᠷ ᠪᠣᠯᠵᠤ᠂

ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠲᠠᠢ

ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ

ᠠᠪᠴᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠮᠡᠷᠭᠡᠵᠢᠯ ᠤᠨ ᠰᠤᠳᠤᠯᠤᠨ ᠨᠡᠭᠡᠭᠡᠬᠦ ᠬᠢᠷᠢ

ᠲᠦᠪᠰᠢᠨ ᠢᠶᠠᠨ ᠳᠡᠭᠡᠭᠰᠢᠯᠡᠭᠦᠯᠬᠦ ᠵᠡᠷᠭᠡ ᠳᠤ ᠬᠠᠪᠰᠤᠷᠤᠨ ᠲᠡᠳᠬᠦᠬᠦ ᠦᠢᠯᠡᠳᠦᠯ ᠦᠵᠡᠭᠦᠯᠵᠦ᠂ ᠠᠵᠤ

ᠠᠬᠤᠶᠢᠯᠠᠯ ᠤᠨ ᠬᠥᠭᠵᠢᠯᠲᠡ ᠳᠤ ᠢᠳᠡ ᠬᠦᠴᠦ ᠨᠡᠮᠡᠭᠳᠡᠭᠦᠯᠦᠨ᠂ ᠬᠥᠳᠡᠯᠭᠡᠬᠦ ᠬᠦᠴᠦᠨ ᠢ ᠨᠢ ᠨᠡᠮᠡᠭᠳᠡᠭᠦᠯᠪᠡ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号