ᠪᠥᠷᠢᠳᠭᠡᠯ᠄ ᠮᠠᠨ ᠤ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠡᠵᠡᠯᠡᠬᠦ ᠬᠠᠷᠢᠴᠠᠯ ᠥᠪᠡᠷᠲᠡᠭᠡᠨ ᠵᠠᠰᠠᠬᠤ ᠣᠷᠣᠨ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2023/10/17
     ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ ᠶᠢᠨ ᠪᠦᠷᠢᠳᠬᠡᠯ ᠤᠨ ᠠᠯᠪᠠᠨ ᠮᠡᠳᠡᠭᠡ︾ ᠠᠴᠠ ᠦᠵᠡᠪᠡᠯ᠂ 2022 ᠣᠨ ᠤ ᠮᠠᠨ ᠤ ᠬᠤᠳᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 1.7 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 1.47%  ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠲᠦᠪᠰᠢᠨ ᠠᠴᠠ 0.74 ᠵᠠᠭᠤᠨ ᠤ ᠨᠢᠭᠡᠴᠢ ᠥᠨᠳᠥᠷ ᠪᠣᠯᠵᠠᠢ᠃      ᠨᠢᠳᠤᠨᠤᠨ᠂ ᠪᠥᠬᠦ ᠬᠤᠲᠠ ᠶᠢᠨ ᠰᠤᠳᠤᠯᠤᠨ ᠨᠡᠭᠡᠭᠡᠬᠦ ᠵᠠᠷᠤᠳᠠᠯ ᠢ 9.5 ᠳ᠋ᠦᠩᠰᠢᠭᠤᠷ ᠲᠥᠭᠦᠷᠢᠭ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 21.8% ᠪᠠᠷ ᠨᠡᠮᠡᠭᠳᠡᠨ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ 1.19% ᠬᠦᠷᠴᠦ᠂ 2015 ᠣᠨ ᠠᠴᠠ ᠨᠠᠰᠢᠬᠢ ᠬᠠᠮᠤᠭ ᠤᠨ ᠥᠨᠳᠥᠷ ᠥᠷᠲᠡᠭ  ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ 0.29 ᠵᠠᠭᠤᠨ ᠤ ᠨᠢᠭᠡᠴᠢ ᠥᠨᠳᠥᠷ ᠪᠣᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号