ᠣᠩᠰᠢᠯᠭ᠎ᠠ 
ᠨᠡᠶᠢᠲᠡᠯᠡᠭᠰᠡᠨ ᠴᠠᠭ᠄
2023/10/17
     ᠤᠡᠭᠰᠢᠯᠭ᠎ᠠ ᠨᠢ ᠬᠡᠯᠡ ᠪᠢᠴᠢᠭ ᠤᠨ ᠵᠢᠭᠠᠨ ᠰᠤᠷᠭᠠᠯᠲᠠ ᠳᠤ ᠲᠤᠳᠠᠬᠳᠠᠵᠦ ᠪᠤᠯᠤᠰᠢ ᠦᠭᠡᠢ ᠬᠦᠴᠦᠨ ᠵᠦᠢᠯ ᠮᠦᠷᠲᠡᠭᠡᠨ ᠲᠡᠭᠦᠨ ᠤ ᠤᠳᠬ᠎ᠠ ᠴᠢᠨᠠᠷ ᠨᠢ ᠰᠤᠷᠤᠭᠴᠢ ᠶᠢᠨ ᠨᠤᠮ ᠣᠩᠰᠢᠬᠤ ᠴᠢᠳᠠᠪᠣᠷᠢ ᠪᠣᠯᠣᠨ ᠰᠡᠳᠭᠢᠬᠦ ᠳᠠᠳᠬᠠᠯ ᠢ ᠬᠦᠮᠦᠵᠢᠭᠦᠯᠬᠦ ᠳᠤ ᠪᠣᠢ᠃ ᠭᠡᠬᠦ ᠳᠤ ᠪᠠᠨ ᠪᠠᠭᠰᠢ ᠠᠴᠠ ᠰᠤᠷᠤᠭᠴᠢ ᠶᠢᠨ ᠪᠤᠳᠠᠲᠤ ᠪᠠᠶᠢᠳᠠᠯ ᠳᠤ ᠲᠤᠬᠢᠷᠠᠭᠤᠯᠤᠨ ᠤᠡᠭᠰᠢᠯᠭ᠎ᠠ ᠶᠢ ᠴᠢᠬᠤᠯᠠᠴᠢᠯᠠᠨ ᠦᠵᠡᠵᠦ᠂ ᠰᠢᠨᠵᠢᠯᠠᠬᠦ ᠤᠬᠠᠭᠠᠨᠴᠢ ᠪᠠᠷ ᠵᠢᠯᠤᠭᠤᠳᠴᠦ᠂ ᠲᠤᠰᠬᠠᠢ ᠤᠡᠭᠰᠢᠯᠭ᠎ᠠ ᠶᠢᠨ ᠴᠠᠭ ᠢᠯᠡᠬᠦᠦ ᠲᠣᠬᠢᠷᠠᠭᠤᠯᠵᠣ᠂ ᠨᠠᠷᠢᠨ ᠬᠢᠨᠠᠮᠠᠭᠠᠢ ᠵᠢᠭᠠᠨ ᠵᠢᠯᠣᠭᠤᠳᠴᠣ᠂ ᠲᠡᠳᠡᠨ ᠤ ᠤᠡᠭᠰᠢᠯᠭ᠎ᠠ ᠶᠢᠨ ᠴᠢᠳᠠᠪᠤᠷᠢ ᠪᠦᠷᠢᠯᠳᠦᠬᠦ ᠳᠤ ᠨᠢ ᠪᠦᠷᠢᠨ ᠬᠦᠢᠴᠡᠳ ᠭᠠᠳᠠᠭᠠᠳᠦ ᠨᠦᠬᠦᠴᠡᠯ ᠢ ᠪᠦᠷᠢᠯᠳᠦᠬᠦᠯᠵᠦ ᠦᠭᠭᠦᠨ᠎ᠡ᠃      1.ᠣᠯᠠᠨᠲᠠ ᠪᠣᠯᠪᠠᠰᠣᠷᠠᠭᠤᠯᠵᠣ ᠣᠯᠠᠨᠲᠠ ᠣᠩᠰᠢᠭᠤᠯᠵᠣ ᠰᠣᠷᠭᠠᠬᠤ      ᠰᠤᠷᠤᠭᠴᠢ ᠶᠢᠨ ᠤᠡᠭᠰᠢᠯᠭ᠎ᠠ ᠳᠤ ᠬᠢ ᠪᠤᠷᠤᠭᠤ ᠠᠪᠢᠶᠠᠯᠠᠬᠤ᠂ ᠵᠤᠬᠢᠰ ᠦᠭᠡᠢ ᠠᠶᠢᠵᠢᠮᠯᠠᠬᠤ ᠠᠴᠠ ᠰᠡᠷᠭᠡᠶᠢᠯᠠᠵᠦ᠂ ᠲᠡᠳᠡᠨ ᠳᠤ ᠲᠤᠬᠢᠷᠠᠬᠰᠠᠨ ᠤᠡᠭᠰᠢᠯᠭ᠎ᠠ ᠶᠢᠨ ᠬᠤᠷᠳᠣᠴᠠ ᠪᠠᠷ ᠣᠩᠰᠢᠬᠤ᠂ ᠠᠯᠬᠤᠮ ᠠᠯᠬᠤᠮ ᠢᠶᠠᠷ ᠬᠤᠷᠳᠤᠴᠠ ᠪᠠᠨ ᠲᠦᠷᠭᠡᠳᠭᠡᠬᠦ᠂ ᠦᠭᠡ ᠦᠭᠦᠯᠡᠪᠦᠷᠢ ᠶᠢᠨ ᠬᠤᠭᠤᠷᠣᠨᠳᠣ ᠰᠡᠳᠭᠢᠴᠡ ᠶᠢᠨ ᠵᠣᠭᠰᠣᠴᠠ ᠶᠢ ᠠᠩᠬᠠᠷᠤᠭᠤᠯᠬᠤ᠂ ᠦᠭᠡᠨ ᠤ ᠳᠤᠰᠤᠯᠲᠠ ᠶᠢ ᠣᠨᠣᠪᠴᠢ ᠲᠠᠢ ᠭᠠᠷᠭᠠᠬᠤ᠂ ᠴᠡᠪᠡᠷ ᠲᠣᠳᠣ ᠣᠷᠣᠰᠣᠮ᠎ᠠ ᠢᠯᠭᠤᠮ ᠠᠪᠢᠶᠠᠯᠠᠬᠤ᠂ ᠣᠷᠭᠢᠯᠣᠮ᠎ᠠ ᠬᠠᠯᠠᠭᠤᠨ ᠰᠡᠳᠭᠢᠯᠭᠡ ᠲᠠᠢ ᠣᠩᠰᠢᠬᠤ ᠵᠡᠷᠭᠡ ᠳᠤ ᠪᠠᠷᠢᠮᠵᠢᠶ᠎ᠠ ᠤᠡᠭᠰᠢᠯᠭ᠎ᠠ ᠶᠢ ᠴᠢᠬᠤᠯᠠᠴᠢᠯᠠᠨ ᠵᠢᠭᠠᠵᠦ᠂ ᠪᠤᠷᠤᠭᠤ ᠤᠡᠭᠰᠢᠪᠠᠯ ᠵᠠᠯᠠᠷᠠᠭᠤᠯᠤᠨ ᠦᠭᠭᠦᠨ᠎ᠡ᠃      2. ᠪᠤᠳᠠᠳᠠᠢ ᠠᠷᠭ᠎ᠠ ᠭᠡᠮᠵᠢᠶ᠎ᠠ ᠠᠪᠴᠣ᠂ ᠵᠤᠬᠢᠶᠠᠯ ᠲᠠᠢ ᠵᠤᠬᠢᠴᠠᠭᠤᠯᠤᠨ ᠵᠢᠯᠣᠭᠤᠳᠬᠤ      ︵1︶ ᠬᠢᠴᠢᠶᠡᠯᠯᠡᠭᠡ ᠶᠢᠨ ᠪᠦᠬᠦ ᠲᠠᠯ᠎ᠠ ᠶᠢᠨ ᠡᠬᠢ ᠪᠠᠶᠠᠯᠢᠭ ᠢ ᠤᠢᠢᠯᠠᠭᠠᠬᠤ ᠶᠢ ᠠᠩᠬᠠᠷᠠᠭᠤᠯᠵᠤ᠂ ᠬᠢᠴᠢᠶᠡᠯ ᠤᠨ ᠲᠡᠪᠳᠡᠷ ᠲᠤ ᠵᠤᠬᠢᠶᠠᠯ ᠲᠠᠢ ᠬᠠᠷᠠᠭᠠᠯᠵᠠᠬᠰᠠᠨ ᠵᠢᠷᠤᠭ ᠲᠦᠷᠰᠦ ᠶᠢ ᠰᠤᠨᠢᠷᠬᠠᠭᠤᠯᠵᠦ᠂ ᠬᠡᠷᠡᠭ ᠪᠣᠳᠠᠰ ᠤᠨ ᠬᠠᠷᠢᠴᠠᠭ᠎ᠠ ᠬᠤᠯᠪᠣᠭ᠎ᠠ ᠪᠣᠯᠣᠨ ᠬᠤᠪᠢᠷᠠᠯᠲᠠ ᠬᠦᠭᠵᠢᠯᠲᠡ ᠶᠢ ᠲᠠᠨᠢᠭᠤᠯᠬᠤ ᠪᠣᠯᠪᠠᠰᠣᠷᠠᠯ ᠢ ᠬᠢᠯᠭᠡᠵᠦ᠂ ᠵᠣᠭᠢᠶᠠᠯ ᠳᠤ ᠬᠢ ᠵᠢᠷᠤᠭ ᠤᠨ ᠠᠭᠤᠯᠭ᠎ᠠ ᠶᠢ ᠢᠯᠡᠷᠡᠭᠦᠯᠦᠭᠰᠡᠨ ᠦᠭᠡ ᠦᠭᠦᠯᠡᠪᠦᠷᠢ ᠶᠢ ᠡᠷᠢᠵᠣ ᠣᠯᠬᠤ ᠶᠢ ᠰᠠᠨᠠᠭᠤᠯᠵᠣ᠂ ᠲᠠᠬᠢᠨ ᠵᠢᠷᠤᠭ ᠢ ᠭᠦᠨᠵᠡᠭᠡᠢ ᠰᠢᠨᠵᠢᠭᠦᠯᠵᠦ  ᠦᠭᠡ ᠦᠬᠦᠯᠡᠪᠦᠷᠢ ᠶᠢᠨ ᠤᠳᠬ᠎ᠠ ᠶᠢ ᠤᠢᠢᠯᠠᠭᠠᠬᠤ ᠦᠭᠡᠢ ᠪᠠᠶᠢᠳᠠᠯ ᠢ ᠬᠤᠪᠢᠷᠠᠭᠤᠯᠤᠨ᠎ᠠ᠃      ︵2︶ ᠵᠣᠬᠢᠶᠠᠯ ᠤᠨ ᠪᠠᠭᠠᠲᠣᠷ ᠢ ᠤᠢᠢᠯᠠᠭᠠᠬᠤ᠂ ᠰᠡᠳᠬᠢᠯᠭᠡ ᠲᠠᠢ ᠤᠡᠭᠰᠢᠬᠤ ᠶᠢ ᠠᠩᠬᠠᠷᠴᠤ᠂ ᠦᠢᠯᠡ ᠬᠦᠳᠡᠯᠦᠯ᠂ ᠣᠪᠣᠷ ᠪᠠᠶᠢᠳᠠᠯ᠂ ᠦᠭᠡ ᠶᠠᠷᠢᠶ᠎ᠠ ᠶᠢ ᠵᠢᠷᠤᠭᠯᠠᠨ ᠦᠵᠡᠭᠦᠯᠦᠭᠰᠡᠨ ᠠᠭᠤᠯᠭ᠎ᠠ ᠳᠤ ᠭᠦᠨᠵᠡᠭᠡᠶᠢᠷᠡᠭᠦᠯᠵᠦ ᠭᠤᠣᠯ ᠤᠳᠬ᠎ᠠ ᠰᠠᠨᠠᠭ᠎ᠠ ᠶᠢ ᠨᠢ ᠢᠯᠡᠷᠡᠭᠦᠯᠬᠦ ᠳᠤ ᠬᠦᠲᠦᠯᠦᠨ᠎ᠡ᠃ ᠪᠠᠭᠰᠢ ᠠᠴᠠ ᠰᠤᠷᠤᠭᠴᠢ ᠶᠢ ᠵᠢᠯᠣᠭᠤᠳᠣᠨ ᠵᠣᠬᠢᠶᠠᠭᠴᠢ ᠶᠢᠨ ᠪᠢᠷ ᠤᠨ ᠲᠣᠣᠷ᠎ᠠ ᠵᠢᠷᠣᠭᠯᠠᠭᠳᠠᠬᠰᠠᠨ ᠲᠦᠷᠢ ᠳᠤ ᠬᠢ ᠵᠠᠩ ᠴᠢᠨᠠᠷ ᠤᠨ ᠠᠳᠠᠯᠢ ᠪᠣᠰᠣ‌ᠡᠴᠠ ᠪᠣᠯᠵᠣ ᠲᠡᠳᠡᠨ ᠤ ᠦᠭᠡ ᠬᠡᠯᠡ᠂ ᠦᠢᠯᠡ ᠠᠵᠢᠯᠯᠠᠭ᠎ᠠ᠂ ᠦᠵᠡᠯ ᠰᠠᠨᠠᠭ᠎ᠠ᠂ ᠬᠠᠶᠢᠷ᠎ᠠ ᠰᠡᠳᠭᠢᠯᠭᠡ ᠨᠢ ᠪᠦᠷ ᠠᠳᠠᠯᠢ ᠪᠤᠰᠤ ᠪᠠᠶᠢᠳᠠᠭ ᠪᠠᠶᠢᠳᠠᠯ ᠳᠤ ᠲᠤᠬᠢᠷᠠᠭᠤᠯᠤᠨ ᠤᠡᠭᠰᠢᠬᠤ ᠠᠷᠭ᠎ᠠ ᠮᠠᠶ᠋ᠢᠭ᠂ ᠢᠯᠡᠳᠭᠡᠬᠦ ᠠᠷᠭ᠎ᠠ ᠭᠡᠯᠪᠡᠷᠢ ᠶᠢ ᠠᠪᠴᠤ᠂ ᠵᠤᠬᠢᠶᠠᠬᠴᠢ ᠶᠢᠨ ᠢᠯᠡᠳᠭᠡᠬᠦ ᠭᠡᠰᠡᠨ ᠭᠤᠤᠯ ᠦᠵᠡᠯ ᠰᠠᠨᠠᠭ᠎ᠠ‌‍ᠶᠢ ᠢᠯᠡᠷᠡᠭᠦᠯᠦᠨ᠎ᠡ᠃      ︵3︶ ᠳᠠᠭᠤ ᠭᠠᠷᠭᠠᠬᠤ ᠦᠭᠡᠢ᠂ ᠣᠷᠣᠭᠤᠯ ᠢᠶᠠᠨ ᠬᠦᠳᠡᠯᠭᠡᠬᠦ ᠦᠭᠡᠢ᠂ ᠬᠤᠷᠣᠭᠤ ᠪᠠᠷ ᠵᠢᠭᠠᠬᠤ ᠦᠭᠡᠢ ᠪᠠᠷ ᠠᠩᠬᠠᠷᠣᠯ ᠢᠶᠠᠨ ᠲᠦᠪᠯᠡᠷᠡᠭᠦᠯᠦᠨ ᠬᠢᠴᠢᠶᠡᠯ‌‍ᠤᠨ ᠠᠭᠤᠯᠭ᠎ᠠ‌‍ᠶᠢ ᠵᠠᠳᠠᠯᠣᠨ ᠰᠢᠨᠵᠢᠯᠡᠵᠣ ᠨᠠᠷᠢᠨ ᠬᠢᠨᠠᠮᠠᠭᠠᠢ ᠨᠢᠳᠦᠯᠠᠵᠦ ᠣᠩᠰᠢᠬᠤ ᠠᠷᠭ᠎ᠠ ᠪᠠᠷ ᠰᠤᠷᠤᠭᠴᠢ‌‍ᠶᠢᠨ ᠤᠡᠭᠰᠢᠬᠤ ᠬᠤᠷᠳᠤᠴᠠ ᠶᠢ ᠲᠦᠷᠭᠡᠳᠭᠡᠵᠦ᠂ ᠰᠤᠷᠤᠯᠭ᠎ᠠ ᠶᠢᠨ ᠦᠷ᠎ᠠ ᠪᠦᠳᠦᠮᠵᠢ ᠶᠢ ᠳᠡᠭᠡᠭᠰᠢᠯᠡᠭᠦᠯᠵᠦ᠂ ᠲᠡᠭᠡᠷ᠎ᠡ ᠣᠨ ᠳᠤ ᠲᠠᠪᠰᠢᠬᠰᠠᠨ‌‍ᠤ ᠲᠠᠷᠠᠭ᠎ᠠ ᠦᠪᠡᠷ ᠢᠶᠠᠨ ᠨᠣᠮ ᠰᠡᠳᠭᠦᠯ ᠣᠩᠰᠢᠨ ᠠᠭᠤᠯᠭ᠎ᠠ ᠶᠢ ᠨᠢ ᠡᠵᠡᠮᠰᠢᠵᠣ ᠦᠪᠡᠷ‌‍ᠤᠨ ᠬᠡᠯᠡ ᠬᠡᠯᠡᠯᠭᠡ᠂ ᠦᠭᠡ ᠶᠠᠷᠢᠶᠠᠨ ᠤ ᠴᠢᠳᠠᠪᠣᠷᠢ ᠶᠢ ᠨᠢ ᠳᠡᠭᠡᠭᠰᠢᠯᠡᠭᠦᠯᠦᠨ᠎ᠡ᠃      ᠬᠡᠯᠡ ᠪᠢᠴᠢᠭ ᠤᠨ ᠬᠢᠴᠢᠶᠡᠯᠯᠡᠭᠡ ᠳᠤ ᠰᠤᠷᠤᠭᠴᠢ ᠶᠢᠨ ᠣᠩᠰᠢᠯᠭ᠎ᠠ ᠶᠢ ᠴᠢᠬᠤᠯᠠᠴᠢᠯᠠᠵᠣ᠂ ᠤᠡᠭᠰᠢᠯᠭ᠎ᠠ ᠶᠢᠨ ᠴᠢᠳᠠᠪᠤᠷᠢ᠂ ᠤᠢ ᠪᠢᠯᠢᠭ ᠤᠨ ᠬᠦᠭᠵᠢᠯᠳᠠ᠂ ᠴᠡᠭᠡᠵᠢᠯᠠᠬᠦ ᠴᠢᠳᠠᠪᠤᠷᠢ᠂ ᠡᠷᠡᠬᠦᠯ ᠢᠳᠡᠪᠬᠢ ᠠᠷᠠᠨᠰᠢᠨ ᠤ ᠪᠦᠷᠢᠯᠳᠦᠯ ᠢ ᠠᠬᠢᠭᠤᠯᠵᠤ᠂ ᠪᠤᠰᠤᠳ ᠬᠢᠴᠢᠶᠡᠯ ᠲᠦᠷᠦᠯ ᠢᠶᠠᠨ ᠰᠠᠶᠢᠨ ᠣᠩᠰᠢᠨ ᠰᠤᠷᠬᠤ ᠳᠤ ᠨᠢ ᠴᠦ ᠵᠥᠪ ᠢᠯᠴᠢ ᠬᠦᠷᠲᠡᠭᠡᠵᠦ᠂ ᠢᠳᠡᠪᠭᠢ ᠨᠦᠯᠦᠭᠡ ᠦᠵᠡᠭᠦᠯᠦᠨ᠎ᠡ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号