ᠲᠠᠩ ᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ  ᠳᠤ ᠪᠠᠶᠢᠴᠠᠭᠠᠨ ᠰᠣᠳᠣᠯᠣᠯᠳᠠ ᠬᠢᠵᠦ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/10/9
     10 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠳᠤ ᠪᠠᠶᠢᠴᠠᠭᠠᠨ ᠰᠣᠳᠣᠯᠣᠯᠳᠠ ᠬᠢᠵᠦ ᠬᠢᠨᠠᠨ ᠵᠢᠯᠣᠭᠤᠳᠪᠠ᠃ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃      ᠲᠠᠩ ᠢ ᠡᠩ ᠲᠡᠷᠢᠭᠦᠨ ᠳᠤ ᠾᠧᠩᠯᠢ ᠨᠡᠭᠦᠷᠡᠰᠦ ᠤᠬᠢᠶᠠᠬᠤ ᠦᠢᠯᠡᠳᠪᠦᠷᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠨᠡᠭᠦᠷᠡᠰᠦᠨ ᠴᠢᠯᠠᠭᠤ ᠶᠢᠨ ᠰᠢᠭᠠᠷᠤ ᠶᠢᠨ ᠠᠭᠤᠯᠠ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠳᠤ ᠬᠦᠷᠴᠦ᠂ ᠵᠠᠰᠠᠭᠰᠠᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠠᠶᠢᠷᠤᠪ ᠤᠨ ᠲᠣᠬᠤᠢ ᠶᠢᠨ ᠲᠣᠭᠤᠷᠢᠭ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠮᠢ ᠠᠬᠤᠢ ᠶᠢ ᠰᠡᠷᠭᠦᠭᠡᠬᠦ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠠᠭᠤᠷᠬᠠᠢ ᠶᠢᠨ ᠵᠠᠰᠠᠯᠲᠠ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠰᠡᠷᠭᠦᠭᠡᠬᠦ ᠲᠥᠰᠥᠯ ᠢᠶᠠᠨ ᠵᠦᠢ ᠵᠣᠬᠢᠰᠲᠠᠢ ᠲᠣᠭᠲᠠᠭᠠᠨ᠂ ᠠᠭᠤᠷᠬᠠᠢ ᠶᠢᠨ ᠰᠡᠷᠭᠦᠭᠡᠯᠲᠡ ᠶᠢ ᠵᠠᠰᠠᠬᠤ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠰᠦᠪᠡᠭᠴᠢᠯᠡᠵᠦ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ  ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠤ ᠠᠬᠤᠶᠢᠯᠠᠯ ᠢ ᠰᠢᠮᠳᠠᠭᠤᠯᠤᠨ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠯᠭᠡᠵᠦ᠂ ᠵᠠᠰᠠᠯᠲᠠ ᠶᠢᠨ ᠦᠷ᠎ᠡ ᠪᠦᠲᠦᠮᠵᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠠᠭᠤᠷᠬᠠᠢ ᠶᠢᠨ ᠡᠯ᠎ᠡ ᠲᠠᠯ᠎ᠠ ᠶᠢᠨ ᠠᠮᠤᠷ ᠲᠦᠪᠰᠢᠨ ᠤ ᠬᠡᠮ ᠰᠣᠭᠤᠭ ᠢ ᠴᠢᠩᠭ᠎ᠠ ᠨᠢᠮᠪᠠᠢ ᠵᠢᠭᠰᠠᠭᠠᠨ ᠪᠠᠶᠢᠴᠠᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠤ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ᠭᠠᠨᠳᠠᠷᠢ ᠭᠤᠣᠯ ᠤᠨ ᠴᠠᠪᠴᠢᠷ ᠤᠨ ᠭᠤᠤ ᠶᠢᠨ ᠬᠠᠶᠠᠭᠳᠠᠮᠠᠯ ᠡᠯᠡᠰᠦ ᠮᠠᠯᠲᠠᠬᠤ ᠲᠠᠯᠠᠪᠠᠢ ᠳᠤ᠂ ᠲᠠᠩ ᠢ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢᠨ ᠲᠦᠷᠦᠯ ᠵᠦᠢᠯ ᠤᠨ ᠠᠬᠢᠴᠠ ᠪᠣᠯᠣᠨ ᠦᠷ᠎ᠡ ᠪᠦᠲᠦᠮᠵᠢ ᠶᠢ ᠨᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠣᠷᠴᠢᠨ ᠲᠣᠭᠤᠷᠢᠨ ᠤ ᠵᠠᠰᠠᠯᠲᠠ ᠶᠢᠨ ︽ᠰᠡᠭᠦᠯᠴᠢ ᠶᠢᠨ ᠬᠠᠭᠠᠰ ᠠᠵᠢᠯ︾ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ ᠦᠨᠡᠨᠬᠦ ᠬᠤᠷᠢᠭᠯᠠᠵᠤ᠂ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠡᠢ᠃      ᠰᠢᠨ ᠶᠤᠸᠠᠨ ᠨᠡᠶᠢᠭᠡᠮ ᠲᠣᠭᠤᠷᠢᠭ ᠤᠨ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠳᠤ᠂ ᠲᠠᠩ ᠢ ᠲᠤᠬᠠᠢ ᠶᠢᠨ ᠲᠠᠯᠠᠪᠠᠢ ᠳᠤ ᠦᠢᠯᠡᠳᠪᠦᠷᠢ ᠶᠢᠨ ᠲᠣᠭᠤᠷᠢᠭ ᠲᠤ ᠣᠷᠣᠰᠢᠵᠤ ᠪᠠᠶᠢᠭ᠎ᠠ ᠠᠰᠠᠭᠤᠳᠠᠯ ᠤᠨ ᠭᠡᠮ ᠰᠣᠭᠤᠭ ᠢ ᠨᠢ ᠵᠢᠭᠠᠵᠤ ᠭᠠᠷᠭᠠᠭᠰᠠᠨ ᠪᠥᠭᠡᠳ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠡᠷᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠠᠵᠢᠯᠯᠠᠭ᠎ᠠ ᠪᠠᠨ ᠵᠢᠷᠤᠮᠵᠢᠭᠤᠯᠵᠤ᠂ ᠡᠳᠦᠷ ᠲᠤᠳᠤᠮ ᠤᠨ ᠠᠷᠢᠭᠤᠨ ᠴᠡᠪᠡᠷ ᠢᠶᠠᠨ ᠴᠢᠩᠭᠠᠳᠬᠠᠵᠤ᠂ ᠱᠤᠤᠭᠢᠶᠠᠨ ᠢ ᠪᠠᠭᠤᠷᠠᠭᠤᠯᠤᠨ ᠲᠣᠭᠤᠰᠣ ᠶᠢ ᠬᠤᠷᠢᠭᠯᠠᠬᠤ ᠠᠷᠭ᠎ᠠ ᠬᠡᠮᠵᠢᠶ᠎ᠡ  ᠪᠠᠨ ᠰᠠᠶᠢᠲᠤᠷ ᠬᠢᠵᠦ᠂ ᠠᠮᠤᠷ ᠲᠦᠪᠰᠢᠨ ᠤ ᠪᠠᠷᠢᠮᠵᠢᠶ᠎ᠠ ᠳᠤ ᠬᠦᠷᠭᠡᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号