ᠬᠤᠲᠠ ᠶᠢᠨ ᠵᠠᠰᠠᠭ ᠤᠨ ᠣᠷᠳᠣᠨ ᠤ 2023 ᠣᠨ ᠤ 22 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠮᠵᠢ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠤᠳᠤᠷᠢᠳᠬᠤ ᠲᠤᠭᠤᠶᠢᠯᠠᠩ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/10/9
     10 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2023 ᠣᠨ ᠤ 22 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠮᠵᠢ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠲᠦᠯᠬᠢᠨ ᠠᠬᠢᠭᠤᠯᠬᠤ ᠲᠤᠬᠠᠢ ᠴᠢᠬᠤᠯᠠ ᠵᠢᠭᠠᠪᠤᠷᠢ ᠪᠠ ᠪᠦᠬᠦ ᠤᠯᠤᠰ ᠤᠨ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠲᠦᠯᠬᠢᠨ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠦᠢᠯᠡᠳᠪᠦᠷᠢ ᠪᠣᠯ ᠦᠬᠠᠢ ᠶᠢᠨ ᠬᠥᠭᠵᠢᠯᠲᠡ ᠶᠢᠨ ᠰᠠᠭᠤᠷᠢ ᠮᠥᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠭᠤᠣᠯ ᠰᠢᠪᠲᠤᠯᠤᠯᠲᠠ ᠶᠢᠨ ᠴᠢᠭᠯᠡᠯ ᠢ ᠪᠠᠲᠤ ᠡᠵᠡᠮᠰᠢᠵᠦ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ᠂ ᠨᠡᠭᠦᠷᠡᠰᠦ ᠤᠬᠢᠶᠠᠵᠤ ᠰᠢᠯᠢᠵᠦ ᠡᠳ᠋ᠰᠢᠭᠦᠯᠬᠦ ᠠᠵᠢᠯ ᠲᠥᠷᠥᠯ ᠢ ᠡᠭᠴᠡ ᠪᠠᠷ ᠨᠢᠭᠡ ᠴᠣᠭᠴᠠᠵᠢᠭᠤᠯᠤᠨ ᠨᠡᠶᠢᠯᠡᠭᠦᠯᠬᠦ᠂ ᠨᠡᠭᠦᠷᠡᠰᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠡᠷᠭᠡ ᠠᠵᠢᠯ ᠢᠶᠠᠨ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠪᠣᠬᠢᠷᠲᠤᠯ ᠦᠭᠡᠢ ᠡᠨᠧᠷᠭᠢ ᠰᠢᠩᠭᠡᠭᠡᠬᠦ ᠰᠠᠭᠤᠷᠢᠨ ᠭᠠᠵᠠᠷ᠂ ᠪᠥᠬᠦ ᠪᠥᠮᠪᠥᠷᠴᠡᠭ ᠤᠨ ᠬᠠᠮᠤᠭ ᠤᠨ ᠲᠣᠮᠣ BDO ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠠᠪᠤᠨ ᠶᠡᠭᠡ ᠡᠭᠦᠷᠭᠡ ᠶᠢ ᠰᠠᠶᠢᠲᠤᠷ ᠠᠳᠬᠤᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠭᠤᠳᠠᠰᠣ ᠲᠤᠰᠢᠶᠠᠬᠤ ᠤᠬᠠᠮᠰᠠᠷ᠂ ᠲᠠᠩᠰᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠲᠠᠪᠤᠨ ᠶᠡᠭᠡ ᠡᠭᠦᠷᠭᠡ ᠶᠢᠨ 2023 ᠣᠨ ᠤ ᠭᠤᠣᠯᠳᠠᠯᠭ᠎ᠠ ᠲᠠᠢ ᠠᠵᠢᠯ ᠤᠨ ᠨᠠᠷᠢᠨ ᠲᠠᠩᠰᠠ ᠯᠤᠭ᠎ᠠ ᠬᠠᠷᠢᠴᠠᠭᠤᠯᠵᠤ᠂ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠰᠠᠭᠤᠳᠠᠯ ᠢ ᠴᠢᠩᠭ᠎ᠠ ᠠᠩᠬᠠᠷᠴᠤ ᠰᠢᠢᠳᠪᠦᠷᠢᠯᠡᠬᠦ ᠶᠢ ᠠᠳᠬᠤᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ ᠠᠬᠢᠭᠤᠯᠬᠤ ᠶᠢ ᠠᠳᠬᠤᠵᠤ᠂ ᠡᠯ᠎ᠡ ᠵᠦᠢᠯ ᠤᠨ ᠡᠭᠦᠷᠭᠡ ᠪᠠᠨ ᠴᠠᠭ ᠬᠤᠭᠤᠴᠠᠭ᠎ᠠ ᠶᠣᠰᠣᠭᠠᠷ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ ᠨᠢᠭᠡ ᠵᠦᠢᠯ ᠤᠨ ᠲᠤᠶᠢᠯ ᠤᠨ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠪᠣᠯᠣᠨ᠎ᠠ᠂ ᠨᠡᠩ ᠥᠨᠳᠥᠷ ᠵᠣᠭᠰᠣᠴᠠ ᠪᠠᠷ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠬᠤ ᠶᠢ ᠨᠡᠩ ᠶᠡᠭᠡ ᠡᠷᠴᠢᠮ ᠢᠶᠠᠷ ᠠᠬᠢᠭᠤᠯᠵᠤ᠂ ᠨᠡᠩ ᠴᠢᠩᠭ᠎ᠠ ᠱᠠᠭᠠᠷᠳᠠᠯᠭ᠎ᠠ ᠪᠠᠷ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠤᠯᠪᠣᠭ᠎ᠠ ᠠᠪᠴᠤ ᠪᠠᠲᠤᠯᠠᠬᠤ ᠲᠣᠭᠲᠠᠴᠠ ᠪᠠᠨ ᠪᠦᠷᠢᠨᠰᠢᠭᠦᠯᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠢᠳᠡᠪᠬᠢᠲᠡᠢ ᠬᠠᠮᠵᠢᠯᠴᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠠᠵᠤ ᠠᠬᠤᠢ ᠶᠢᠨ ᠪᠠᠶᠢᠭᠤᠯᠤᠮᠵᠢ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ᠂ ᠲᠠᠷᠢᠶᠠᠨ ᠭᠠᠵᠠᠷ ᠤᠨ ᠬᠠᠮᠠᠭᠠᠯᠠᠯᠲᠠ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠨᠡᠯᠡᠯᠲᠡ᠂ ᠤᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠵᠡᠷᠭᠡ ᠲᠠᠯ᠎ᠠ ᠶᠢᠨ ᠠᠵᠢᠯ ᠢᠶᠠᠨ ᠰᠤᠳᠤᠯᠤᠨ ᠪᠠᠶᠢᠷᠢᠯᠠᠭᠤᠯᠵᠤ᠂ ︽ᠠᠶᠤᠯᠭᠦᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠴᠢᠳᠠᠪᠤᠷᠢ ᠪᠠᠨ ᠣᠯᠠᠮ ᠨᠢᠭᠡ ᠠᠯᠬᠤᠮ ᠪᠠᠬᠢᠵᠢᠭᠦᠯᠬᠦ ᠠᠵᠢᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号