ᠲᠠᠩ ᠢ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/1
     11 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠵᠤ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠤᠯᠪᠤᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠲᠠᠩ ᠢ ᠬᠡᠯᠡᠭᠰᠡᠨ ᠨᠢ᠂ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠥᠭᠵᠢᠯᠲᠡ ᠶᠢᠨ ᠪᠠᠶᠢᠳᠠᠯ ᠳᠤ ᠪᠤᠰᠤᠳᠴᠢ ᠪᠠᠷ ᠬᠠᠨᠳᠤᠵᠤ᠂ ᠣᠶᠤᠨᠴᠢ ᠪᠠᠷ ᠵᠠᠳᠠᠯᠤᠯᠲᠠ ᠬᠢᠵᠦ᠂ ᠢᠳᠡᠪᠬᠢᠲᠡᠢ ᠡᠯᠧᠮᠧᠨ᠋ᠲ ᠢ ᠣᠯᠵᠤ ᠬᠠᠷᠠᠬᠤ ᠪᠠᠷ ᠪᠠᠷᠠᠬᠤ ᠦᠭᠡᠢ ᠪᠠᠰᠠ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠡᠷᠢᠵᠦ᠂ ᠭᠦᠨᠵᠡᠭᠡᠢ ᠵᠠᠳᠠᠯᠵᠤ᠂ ᠭᠦᠨᠵᠡᠭᠡᠢ ᠰᠤᠳᠤᠯᠵᠤ᠂ ᠤᠨᠢᠨ ᠳᠡᠭᠡᠷ᠎ᠡ ᠨᠢ ︽ᠲᠤᠶᠠᠴᠢᠵᠤ︾᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠰᠢᠢᠳᠪᠦᠷᠢᠯᠡᠬᠦ ᠪᠠᠨ ᠲᠦᠷᠭᠡᠳᠬᠡᠬᠦ ᠬᠡᠷᠡᠭᠲᠡᠢ᠃ ᠣᠳᠣᠬᠠᠨ ᠳᠤ ᠪᠣᠯ ᠶᠠᠭ ᠬᠦᠴᠦᠯᠡᠨ ᠰᠢᠪᠲᠤᠯᠤᠯᠲᠠ ᠬᠢᠬᠦ ᠵᠠᠩᠭᠢᠯᠠᠭ᠎ᠠ ᠶᠢᠨ ᠴᠠᠭ ᠦᠶ᠎ᠡ ᠮᠥᠨ᠂ ᠢᠲᠡᠭᠡᠯ ᠵᠣᠷᠢᠭ ᠢᠶᠠᠨ ᠪᠠᠲᠤᠳᠬᠠᠨ᠂ ᠵᠣᠷᠢᠭ ᠰᠢᠭᠤᠳᠴᠤ᠂ ᠱᠠᠯᠠᠮᠠᠭᠠᠶᠢᠯᠠᠨ ᠨᠡᠬᠡᠵᠦ᠂ ᠡᠯ᠎ᠡ ᠵᠦᠢᠯ ᠤᠨ ᠠᠵᠢᠯ ᠢᠶᠠᠨ ᠴᠢᠩᠭ᠎ᠠ ᠪᠣᠳᠠᠲᠠᠢ ᠠᠳᠬᠤᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠦᠢᠯᠡᠰ ᠢ ᠴᠢᠷᠮᠠᠶᠢᠨ ᠬᠥᠭᠵᠢᠭᠦᠯᠵᠦ᠂ ᠵᠢᠯ ᠤᠨ ᠡᠴᠦᠰ ᠲᠤ ︽ᠰᠠᠶᠢᠨ ᠦᠷ᠎ᠡ ᠪᠦᠲᠦᠮᠵᠢ︾ ᠶᠢ ᠦᠨᠡᠨ ᠬᠦ ᠪᠠᠲᠤᠯᠠᠬᠤ ᠬᠡᠷᠡᠭᠲᠡᠢ᠃      ᠲᠠᠩ ᠢ ᠬᠡᠯᠡᠭᠰᠡᠨ ᠨᠢ᠂ ᠪᠡᠯᠡᠳᠭᠡᠯ ᠰᠠᠶᠢᠨ ᠪᠤᠯ ᠬᠢᠬᠦ ᠬᠡᠰᠡᠨ ᠠᠵᠢᠯ ᠢᠶᠠᠨ ᠰᠠᠭᠠᠲᠠᠭᠠᠬᠤ ᠦᠭᠡᠢ᠂ ᠢᠷᠡᠬᠦ ᠵᠢᠯ ᠤᠨ ᠠᠵᠢᠯ ᠢᠶᠠᠨ ᠵᠠᠪᠠᠯ ᠨᠠᠷᠢᠨ ᠬᠢᠨᠠᠮᠠᠭᠠᠢ ᠪᠣᠳᠣᠯᠬᠢᠯᠠᠵᠤ᠂ ᠭᠦᠨᠵᠡᠭᠡᠢ ᠰᠤᠳᠤᠯᠵᠤ᠂ ᠰᠢᠰᠲ᠋ᠧᠮ ᠲᠠᠢ ᠲᠥᠯᠥᠪᠯᠡᠬᠦ ᠬᠡᠷᠡᠭᠲᠡᠢ᠃ ᠨᠢᠭᠡ ᠳᠤ᠂ ᠴᠢᠭᠯᠡᠯ ᠢᠶᠠᠨ ᠲᠣᠳᠣᠷᠬᠠᠢ ᠪᠤᠯᠭᠠᠬᠤ ᠬᠡᠷᠡᠭᠳᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ᠂ ᠬᠤᠷᠸ᠎ᠠ ᠪᠠᠶᠢᠳᠠᠯ ᠢ ᠴᠢᠩᠭ᠎ᠠ ᠳᠠᠭᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠮᠠᠨ ᠤ ᠬᠤᠳᠠ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠭᠠᠷᠳᠠᠨ ᠬᠢᠬᠦ ᠭᠠᠵᠠᠷ ᠪᠣᠯᠣᠨ ᠬᠦᠴᠦᠯᠡᠬᠦ‍ ᠴᠢᠭ ᠢᠶᠠᠨ ᠣᠨᠣᠪᠴᠢᠲᠠᠢ ᠡᠷᠢᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠨᠡᠩ ᠬᠠᠨᠳᠤᠯᠭᠠᠲᠤ ᠴᠢᠨᠠᠷᠲᠠᠢ ᠪᠠᠷ ᠢᠷᠡᠬᠦ ᠵᠢᠯ ᠤᠨ ᠡᠯ᠎ᠡ ᠵᠦᠢᠯ ᠤᠨ ᠠᠵᠢᠯ ᠢᠶᠠᠨ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠪᠠᠨ ᠲᠤᠪᠤᠶᠢᠯᠭᠠᠬᠤ ᠬᠡᠷᠡᠭᠳᠡᠢ᠃ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠯᠪᠤᠭᠳᠠᠯ ᠪᠦᠬᠦᠢ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢᠶᠠᠷ ᠭᠦᠢᠴᠡᠳ ᠲᠣᠯᠢ ᠪᠣᠯᠭᠠᠵᠤ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠠᠭᠤᠷᠬᠠᠢ ᠶᠢᠨ ᠡᠷᠬᠡ ᠶᠢ ᠡᠮᠬᠢᠯᠡᠨ ᠨᠡᠶᠢᠯᠡᠭᠦᠯᠬᠦ᠂ ᠨᠡᠭᠦᠷᠡᠰᠦ ᠤᠬᠢᠶᠠᠵᠤ ᠰᠢᠯᠢᠵᠦ ᠡᠳ᠋ᠰᠢᠭᠦᠯᠬᠦ ᠠᠵᠢᠯ ᠲᠥᠷᠥᠯ ᠢ ᠡᠭᠴᠡ ᠪᠠᠷ ᠨᠢᠭᠡ ᠴᠣᠭᠴᠠᠵᠢᠭᠤᠯᠤᠨ ᠡᠮᠬᠢᠯᠡᠨ ᠨᠡᠶᠢᠯᠡᠭᠦᠯᠬᠦ ᠶᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠨᠢᠬᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ ᠳᠤᠲᠠᠭᠤᠳᠠᠯ  ᠢᠶᠠᠨ ᠬᠦᠴᠦᠯᠡᠨ ᠨᠥᠬᠦᠪᠦᠷᠢᠯᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠳᠤ ᠨᠠᠩ ᠶᠡᠭᠡ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠳᠡᠢ᠃ ᠭᠤᠷᠪᠠ ᠳᠤ᠂ ᠬᠤᠳᠠᠯᠳᠤᠭᠠᠴᠢᠨ ᠤᠷᠢᠬᠤ ᠪᠠᠨ ᠴᠢᠩᠭᠠᠳᠬᠠᠬᠤ ᠬᠡᠷᠡᠭᠳᠡᠢ᠃ ︽ᠬᠤᠳᠠᠯᠳᠤᠭᠠᠴᠢᠨ ᠤᠷᠢᠬᠤ ᠶᠢ ᠶᠡᠬᠡᠪᠡᠷ ᠠᠳᠬᠤᠬᠤ ᠦᠭᠡᠢ ᠪᠣᠯ ᠶᠡᠬᠡᠪᠡᠷ ᠬᠥᠭᠵᠢᠭᠦᠯᠵᠦ ᠴᠢᠳᠠᠬᠤ ᠦᠭᠡᠢ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠤᠭ᠎ᠠ ᠬᠡᠮᠵᠢᠶ᠎ᠡ ᠪᠣᠯᠣᠨ ᠶᠠᠰᠤ ᠴᠢᠨᠠᠷ ᠢᠶᠠᠨ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠴᠢᠨᠠᠭᠰᠢᠳᠠ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠪᠠᠲᠤᠯᠠᠭ᠎ᠠ ᠪᠠᠨ ᠨᠠᠷᠢᠨ ᠨᠢᠮᠪᠠᠢ ᠰᠠᠶᠢᠲᠤᠷ ᠬᠢᠵᠦ᠂ ᠭᠠᠳᠠᠷ ᠣᠷᠣᠨ ᠤ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠬᠤ ᠪᠠᠷ ᠪᠠᠷᠠᠬᠤ ᠦᠭᠡᠢ ᠪᠠᠰᠠ ᠲᠤᠰ ᠭᠠᠵᠠᠷ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠵᠤ᠂ ᠬᠤᠳᠠᠯᠳᠤᠭᠠᠴᠢᠨ ᠤᠷᠢᠬᠤ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠲᠦᠷᠦᠯ ᠵᠦᠢᠯ ᠢ ᠪᠣᠳᠠᠲᠠᠢ ᠪᠠᠷ ᠠᠳᠬᠤᠬᠤ ᠬᠡᠷᠡᠭᠳᠡᠢ᠃ ᠲᠦᠷᠦᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦᠯ ᠵᠦᠢᠯ ᠢ ᠬᠠᠮᠢᠭ᠎ᠠ ᠠᠴᠠ ᠢᠷᠡᠭᠦᠯᠬᠦ᠂ ᠬᠡᠷᠬᠢᠨ ᠬᠢᠬᠦ ᠶᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠲᠦᠷᠦᠯ ᠵᠦᠢᠯ ᠤᠨ ᠪᠣᠯᠣᠮᠵᠢᠲᠤ ᠴᠢᠨᠠᠷ ᠢ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠬᠦᠨᠳᠦ ᠬᠥᠩᠭᠡᠨ ᠠᠯᠭᠤᠷ ᠪᠠᠴᠢᠮ ᠢ ᠢᠯᠭᠠᠵᠤ᠂ ᠪᠠᠲᠤᠯᠠᠭ᠎ᠠ ᠲᠠᠢ ᠲᠠᠷᠣᠯᠳᠠ ᠲᠠᠢ᠂ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠲᠠᠪᠤ ᠳᠤ᠂ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠳᠡᠢ᠃ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠭᠤᠶᠢᠪᠢᠰᠢ ᠦᠭᠡᠢ ᠠᠬᠢᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠴᠢᠷᠮᠠᠶᠢᠵᠤ᠂ ᠪᠦᠲᠦᠴᠡ ᠪᠠᠨ ᠦᠨᠡᠨᠬᠦ ᠲᠣᠬᠢᠷᠠᠭᠤᠯᠵᠤ᠂ ᠴᠢᠳᠠᠪᠬᠢ ᠪᠠᠨ ᠬᠤᠪᠢᠷᠠᠭᠤᠯᠵᠤ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠥᠨᠥᠳᠥᠷ ᠤᠨ ᠬᠠᠷᠢᠭᠤᠴᠠᠯᠭ᠎ᠠ ᠪᠠᠷ ᠢᠶᠠᠨ ᠬᠤᠳᠠ ᠶᠢᠨ ᠰᠠᠶᠢᠨ ᠰᠠᠶᠢᠬᠠᠨ ᠢᠷᠡᠭᠡᠳᠦᠢ ᠶᠢ ᠲᠡᠮᠡᠴᠡᠨ ᠣᠯᠬᠤ ᠬᠡᠷᠡᠭᠲᠡᠢ᠃ ᠵᠢᠷᠭᠤᠭ᠎ᠠ ᠳᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠳᠡᠢ᠃ ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠵᠤ᠂ ︽ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠬᠤ︾ ᠡᠷᠴᠢ ᠵᠣᠷᠢᠭ ᠢ ᠪᠠᠳᠠᠷᠠᠭᠤᠯᠤᠨ᠂ ᠲᠣᠬᠢᠷᠠᠭᠤᠯᠬᠤ ᠪᠠ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢᠶᠠᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃      ᠲᠠᠩ ᠢ ᠪᠠᠰᠠ ᠬᠥᠯᠥᠰᠦᠨ ᠠᠵᠢᠯᠴᠢᠨ ᠤ ᠴᠠᠯᠢᠩ ᠢ ᠥᠭᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠡ᠃ ᠲᠡᠷᠡ ᠬᠡᠯᠡᠭᠰᠡᠨ ᠨᠢ᠂ ᠵᠢᠯ ᠤᠨ ᠡᠴᠦᠰ ᠪᠤᠯᠵᠤ ᠪᠠᠶᠢᠨ᠎ᠠ᠂ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠯᠥᠰᠦᠨ ᠠᠵᠢᠯᠴᠢᠨ ᠤ ᠴᠠᠯᠢᠩ ᠢ ᠣᠯᠭᠤᠬᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠥᠯᠥᠰᠦᠨ ᠠᠵᠢᠯᠴᠢᠨ ᠤ ᠴᠠᠯᠢᠩ ᠤᠨ ᠲᠤᠰᠬᠠᠢ ᠲᠠᠩᠰᠠᠨ ᠡᠷᠦᠬᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠥᠯᠥᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠬᠤ  ᠶᠢ ᠦᠨᠡᠨ ᠬᠦ ᠪᠠᠲᠤᠯᠠᠵᠤ᠂ ᠬᠥᠯᠥᠰᠦᠨ ᠠᠵᠢᠯᠴᠢᠨ ᠢ ᠭᠡᠷ ᠨᠤᠲᠤᠭ ᠲᠤᠨᠢ ᠰᠡᠳᠭᠢᠯ ᠬᠠᠨᠤᠮᠵᠢᠳᠠᠢ ᠪᠠᠷ ᠬᠠᠷᠢᠭᠤᠯᠬᠤ ᠬᠡᠷᠡᠭᠲᠡᠢ᠃ ᠨᠡᠩ ᠶᠡᠭᠡ ᠡᠷᠴᠢᠮ ᠢᠶᠠᠷ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号