12 ᠰᠠᠷ᠎ᠠ ᠶᠢᠨ 12 ᠤᠨ ᠡᠳᠦᠷ᠂ ᠮᠠᠨ ᠤ ᠬᠤᠳᠠ ︽ᠰᠢᠨ᠎ᠡ ᠶᠢ ᠡᠭᠦᠳᠦᠭᠰᠡᠨ ᠦᠬᠠᠢ· ᠦᠢᠯᠡᠰ | ᠴᠤᠭᠴᠠᠯᠠᠭᠰᠠᠨ ᠢᠷᠡᠭᠡᠳᠦᠢ︾ ᠭᠤᠷᠪᠠᠳᠤᠭᠠᠷ ᠬᠤᠭᠤᠴᠠᠭᠠᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠤᠷᠤᠯᠳᠤᠭᠠᠨ ᠡᠷᠭᠢᠯᠡᠪᠡ᠃ | ᠲᠣᠰ ᠤᠳᠠᠭᠠᠨ ᠤ ᠤᠷᠤᠯᠳᠤᠭᠠᠨ ᠳᠤ ᠵᠣᠬᠢᠶᠠᠮᠠᠯ ᠣᠶᠤᠨ᠂ ᠮᠡᠳᠡᠭᠡ ᠵᠠᠩᠭᠢ ᠶᠢᠨ ᠮᠡᠷᠭᠡᠵᠢᠯ᠂ ᠡᠯᠧᠺᠲᠷᠣᠨ | ᠬᠤᠳᠠᠯᠳᠤᠭᠠᠨ ᠤ ᠶᠠᠪᠤᠳᠠᠯ᠂ ᠪᠡᠯᠡᠳᠭᠡᠮᠵᠢᠳᠤ ᠲᠠᠷᠢᠶᠠᠯᠠᠩ ᠵᠡᠷᠭᠡ ᠠᠵᠢᠯ ᠲᠥᠷᠥᠯ ᠤᠨ 38 ᠡᠩᠨᠡᠭᠡ ᠣᠷᠣᠯᠴᠠᠭᠰᠠᠨ | ᠪᠥᠭᠡᠳ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠭᠠᠳᠠᠨᠠᠬᠢ ᠨᠡᠷ᠎ᠡ ᠲᠥᠷᠥ ᠲᠠᠢ ᠠᠳᠠᠯ ᠦᠢᠯᠡᠰ ᠴᠣᠭᠴᠠᠯᠠᠵᠤ | ᠰᠢᠨ᠎ᠡ ᠶᠢ ᠡᠭᠦᠳᠬᠦ ᠤᠷᠤᠯᠳᠤᠭᠠᠨ ᠤ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠰᠢᠯᠭᠠᠷᠠᠭᠤᠯᠬᠤ ᠺᠣᠮᠢᠰ ᠤᠨ ᠵᠢᠯᠣᠭᠤᠳᠤᠭᠴᠢ ᠪᠠᠭᠰᠢ᠂ ᠨᠠᠷᠠᠲᠤ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢᠨ | ᠬᠤᠷᠰᠢᠭᠴᠢ ᠶᠢ ᠤᠷᠢᠵᠤ ᠤᠷᠤᠯᠳᠤᠭᠠᠨ ᠤ ᠲᠥᠷᠥᠯ ᠵᠦᠢᠯ ᠳᠤ ᠲᠤᠬᠠᠢ ᠶᠢᠨ ᠲᠠᠯᠠᠪᠤᠷ ᠤᠨ ᠦᠨᠡᠯᠡᠯᠲᠡ | ᠵᠢᠯᠣᠭᠤᠳᠤᠯᠭ᠎ᠠ ᠬᠢᠯᠭᠡᠵᠡᠢ᠃ | ᠤᠷᠤᠯᠳᠤᠭᠠᠨ ᠤ ᠳᠤᠮᠳᠠ᠂ ᠤᠷᠤᠯᠳᠤᠭᠠᠨ ᠳᠤ ᠣᠷᠣᠯᠴᠠᠭᠰᠠᠳ 6 ᠮᠢᠨᠦ᠋ᠲ ᠤᠨ PPT ᠦᠵᠡᠬᠦᠯᠦᠯᠭᠡ ᠪᠠ | 6 ᠮᠢᠨᠦ᠋ᠲ ᠤᠨ ᠰᠢᠯᠭᠠᠷᠠᠭᠤᠯᠬᠤ ᠺᠣᠮᠢᠰ ᠤᠨ ᠭᠡᠰᠢᠭᠦᠨ ᠤ ᠠᠰᠠᠭᠤᠯᠲᠠ ᠪᠠᠷ ᠳᠠᠮᠵᠢᠭᠤᠯᠤᠨ ᠶᠠᠪᠤᠭᠳᠠᠪᠠ᠃ | ᠤᠷᠤᠯᠳᠤᠭᠠᠨ ᠳᠤ ᠣᠷᠣᠯᠴᠠᠭᠰᠠᠳ ᠥᠪᠡᠷ ᠤᠨ ᠠᠳᠠᠯ ᠦᠢᠯᠡᠰ ᠴᠣᠭᠴᠠᠯᠠᠭᠰᠠᠨ ᠥᠩᠭᠡᠷᠡᠯᠲᠡ ᠪᠠ ᠲᠥᠷᠥᠯ | ᠵᠦᠢᠯ ᠤᠨ ᠡᠵᠡᠩᠨᠡᠯᠲᠡ ᠶᠢᠨ ᠪᠠᠶᠢᠳᠠᠯ ᠢᠶᠠᠨ ᠶᠠᠷᠢᠵᠤ᠂ ᠰᠢᠯᠭᠠᠷᠠᠭᠤᠯᠬᠤ ᠺᠣᠮᠢᠰ ᠤᠨ ᠬᠢᠨ ᠲᠥᠷᠥᠯ ᠵᠦᠢᠯ ᠤᠨ | ᠰᠢᠨ᠎ᠡ ᠶᠢ ᠡᠭᠦᠳᠬᠦ ᠴᠢᠨᠠᠷ ᠪᠠ ᠪᠣᠯᠣᠮᠵᠢᠲᠤ ᠴᠢᠨᠠᠷ ᠢ ᠦᠨᠳᠦᠰᠦᠯᠡᠨ ᠦᠨᠡᠯᠡᠯᠲᠡ ᠬᠢᠬᠦ ᠶᠢᠨ ᠬᠠᠮᠲᠤ ᠲᠤᠬᠠᠢ ᠶᠢᠨ | ᠲᠠᠯᠠᠪᠤᠷ ᠲᠤ ︽ᠰᠤᠳᠠᠯ ᠪᠠᠷᠢᠬᠤ︾ ᠮᠡᠲᠤ ᠪᠠᠷ ᠵᠠᠳᠠᠯᠣᠯᠳᠠ ᠬᠢᠵᠦ᠂ ᠠᠰᠠᠭᠤᠯᠲᠠ ᠳᠤᠷᠠᠳᠬᠤ ᠳᠤᠮᠳᠠ ᠪᠠᠨ | ᠤᠷᠤᠯᠳᠤᠭᠠᠨ ᠳᠤ ᠣᠷᠣᠯᠴᠠᠭᠰᠠᠳ ᠤᠨ ᠲᠥᠷᠥᠯ ᠵᠦᠢᠯ ᠤᠨ ᠪᠣᠳᠠᠲᠠᠢ ᠬᠡᠷᠡᠭᠯᠡᠯᠲᠡ ᠪᠠ ᠦᠷ᠎ᠡ ᠪᠦᠲᠦᠭᠡᠯ ᠤᠨ | ᠬᠤᠪᠢᠷᠠᠭᠤᠯᠤᠯᠲᠠ ᠳᠤ ᠠᠩᠬᠠᠷᠤᠯ ᠲᠠᠯᠪᠢᠬᠤ ᠶᠢ ᠬᠥᠲᠥᠯᠥᠨ ᠵᠣᠷᠢᠭᠵᠢᠭᠤᠯᠤᠭᠰᠠᠨ ᠪᠠᠶᠢᠨ᠎ᠠ᠃ |