ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/14
     12 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠡᠨᠡ ᠵᠢᠯ ᠤᠨ ᠠᠵᠤ ᠠᠬᠤᠢ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠲᠡᠭᠡᠷᠡᠭᠢ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠣ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠯᠪᠡᠭ ᠪᠠᠶᠠᠯᠢᠭ ᠠᠭᠤᠯᠬᠤᠨ ᠲᠠᠢ ᠪᠥᠭᠡᠳ ᠬᠥᠮᠥᠰ ᠢ ᠬᠥᠭᠵᠢᠭᠡᠨ ᠵᠣᠷᠢᠭᠵᠢᠭᠤᠯᠵᠤ᠂ ᠪᠢᠳᠡᠨ ᠤ ᠢᠷᠡᠬᠦ ᠵᠢᠯ ᠪᠣᠯᠣᠨ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ ᠴᠢᠷᠮᠠᠶᠢᠬᠤ ᠴᠢᠭᠯᠡᠯ ᠢ ᠲᠣᠳᠣᠷᠬᠠᠶᠢᠯᠠᠭᠰᠠᠨ ᠪᠠᠶᠢᠨ᠎ᠠ᠃ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠡᠨᠡ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠣᠭᠰᠠᠨ᠂ ᠲᠤᠶᠢᠯ ᠤᠨ ᠡᠷᠬᠢᠮ ᠨᠠᠨᠳᠢᠨ ᠭᠡᠳᠡᠭ ᠢ ᠭᠦᠨᠵᠡᠭᠡᠢ ᠲᠠᠨᠢᠵᠤ᠂ ᠦᠨᠳᠦᠰᠦᠨ ᠰᠢᠯᠲᠠᠭᠠᠨ ᠨᠢ ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤᠷ ᠢ ᠡᠵᠡᠮᠳᠡᠨ ᠠᠶᠠᠯᠠᠯ ᠢ ᠵᠢᠯᠤᠭᠤᠳᠴᠤ᠂ ᠰᠣᠳᠣ ᠮᠡᠷᠭᠡᠨ ᠤᠳᠤᠷᠢᠳᠤᠯᠭ᠎ᠠ ᠳᠤ ᠪᠤᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠡᠭᠦᠨ ᠤ ᠤᠯᠠᠮ ᠠᠴᠠ ︽ᠲᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠭᠰᠡᠨ ᠳᠤ ᠪᠤᠢ᠃ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠡᠨᠡ ᠵᠢᠯ ᠤᠨ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠴᠢᠬᠤᠯᠠ ᠶᠡᠭᠡ ᠠᠮᠵᠢᠯᠲᠠ᠂ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ ᠶᠣᠰᠣᠴᠢ ᠴᠢᠨᠠᠷᠲᠠᠢ ᠲᠠᠨᠢᠯᠲᠠ᠂ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠣᠨ ᠳᠡᠯᠡᠬᠡᠢ ᠶᠢᠨ ᠣᠷᠴᠢᠨ ᠲᠣᠭᠤᠷᠢᠨ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠬᠠᠨᠳᠤᠰᠢ᠂ ᠭᠤᠣᠯᠳᠠᠯᠭ᠎ᠠ ᠲᠠᠢ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠨᠠᠮ ᠤᠨ ᠲᠥᠪ ᠬᠤᠷᠢᠶᠠᠨ ᠤ ᠵᠢᠭᠠᠭᠰᠠᠨ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠬᠤᠷᠠᠯ ᠠᠴᠠ ᠲᠣᠭᠲᠠᠭᠠᠭᠰᠠᠨ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠲᠠᠢ ᠨᠢᠭᠡᠳ ᠨᠢᠭᠡ ᠪᠠᠷ ᠬᠠᠷᠢᠴᠠᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠠᠴᠠ ᠨᠢᠭᠡ ᠣᠷᠣᠨ ᠪᠦᠰᠡ ᠶᠢ ᠲᠥᠯᠥᠪᠵᠢᠭᠦᠯᠵᠦ᠂ ᠨᠢᠭᠡ ᠣᠷᠣᠨ ᠪᠦᠰᠡ ᠪᠠᠷ ᠪᠦᠬᠦ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠪᠦᠬᠦ ᠬᠤᠳᠠ ᠶᠢᠨ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠢᠰᠲ᠋ᠧᠮ ᠲᠠᠢ ᠰᠡᠳᠬᠢᠨ ᠪᠣᠳᠣᠯᠬᠢᠯᠠᠬᠤ ᠬᠡᠷᠡᠭᠳᠡᠢ᠃ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠷᠢᠨ ᠳᠠᠩᠰᠠᠴᠢᠯᠠᠭᠰᠠᠨ ᠪᠠᠶᠢᠷᠢᠯᠠᠭᠤᠯᠤᠯᠲᠠ᠂ ᠳᠦᠷᠦᠯ ᠵᠦᠢᠯᠴᠢᠯᠡᠭᠰᠡᠨ ᠠᠬᠢᠭᠤᠯᠤᠯᠲᠠ ᠶᠢ ᠪᠠᠷᠢᠮᠲᠠᠯᠠᠵᠤ᠂ ᠠᠯᠢᠪᠠ ᠠᠰᠢᠭᠲᠠᠢ ᠴᠠᠭ ᠲᠣᠬᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠢᠷᠡᠬᠦ ᠵᠢᠯ ᠤᠨ ᠠᠵᠤ ᠠᠬᠤᠢ ᠶᠢᠨ ᠶᠠᠰᠤ ᠴᠢᠨᠠᠷ ᠢᠶᠠᠨ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠪᠠᠨ ᠵᠣᠬᠢᠰᠲᠠᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠵᠢᠯ ᠤᠨ ᠡᠴᠦᠰ ᠣᠨ ᠤ ᠡᠬᠢᠨ ᠤ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠨ ᠱᠤᠤ ᠴᠧᠩ ᠱᠦᠵᠢ ᠶᠢᠨ ᠤᠯᠠᠭᠠᠨᠬᠠᠳᠠ ᠬᠤᠳᠠ ᠶᠢᠨ ᠬᠡᠰᠡᠭ ᠬᠤᠰᠢᠭᠤ ᠰᠢᠶᠠᠨ ᠤ ︵ᠲᠣᠭᠤᠷᠢᠭ︶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号