ᠮᠠᠨ ᠤ ᠬᠤᠲᠠ ᠠᠩᠬᠠᠨ ᠤ ᠪᠦᠯᠦᠭ ᠤᠨ 28 ᠰᠠᠣᠷᠢ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠶᠢ ᠲᠤᠰᠢᠶᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 13 ᠤ ᠡᠳᠦᠷ᠂ ᠮᠠᠨ ᠤ ᠬᠤᠲᠠ ᠠᠩᠬᠠᠨ ᠤ ᠪᠦᠯᠦᠭ ᠤᠨ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠶᠢ ᠲᠤᠰᠢᠶᠠᠬᠤ ᠶᠣᠰᠣᠯᠠᠯ ᠶᠠᠪᠤᠭᠤᠯᠪᠠ᠃      ᠲᠣᠰ ᠤᠳᠠᠭ᠎ᠠ ᠶᠢᠨ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠵᠢᠱᠢᠯᠲᠡ ᠪᠠᠷ 101 ᠰᠠᠣᠷᠢ ᠣᠷᠣᠭᠤᠯᠵᠤ᠂ ᠲᠦᠷᠦᠭᠦᠸ ᠪᠦᠯᠦᠭ ᠲᠤ 28 ᠰᠠᠣᠷᠢ ᠶᠢ ᠡᠵᠡᠩᠨᠡᠯᠳᠡ ᠳᠤ ᠣᠷᠣᠭᠤᠯᠬᠤ ᠪᠠᠷ ᠪᠣᠶ᠂ ᠲᠡᠷᠭᠡᠨ ᠤ ᠬᠡᠯᠪᠡᠷᠢ ᠨᠢ ᠵᠢᠢ ᠯᠢ ᠳ᠋ᠢ ᠬᠤᠸ EVPro᠂ ᠲᠡᠷᠭᠡᠨ ᠤ ᠣᠷᠳᠣ ᠨᠢ 4.75 ᠮᠧᠲᠷ ᠪᠠᠶᠢᠵᠤ᠂ ᠨᠢᠩ ᠳ᠋ᠧ ᠱᠢ ᠳ᠋ᠠᠢ  ᠶᠢᠨ ᠭᠤᠷᠪᠠᠨ ᠡᠰᠢᠲᠦ ᠯᠢᠲ᠋ᠢ ᠴᠠᠭᠢᠯᠭᠠᠨ ᠴᠡᠨᠡᠭ ᠢ ᠬᠡᠷᠡᠭᠯᠡᠭᠰᠡᠨ ᠪᠠᠶᠢᠨ᠎ᠠ᠃ ᠤᠯᠠᠮᠵᠢᠯᠠᠯᠲᠤ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠲᠠᠢ ᠠᠳᠠᠯᠢᠳᠬᠠᠪᠠᠯ᠂ ᠲᠣᠰ ᠬᠡᠯᠪᠡᠷᠢ ᠶᠢᠨ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠨᠢ ᠲᠡᠷᠭᠡᠨ ᠤ ᠣᠷᠣᠨ ᠵᠠᠢ ᠪᠠᠷ ᠶᠡᠭᠡ᠂ ᠬᠡᠷᠡᠭᠯᠡᠬᠦ ᠳᠤ ᠲᠥᠬᠦᠮ᠂ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠠᠭᠠᠷ ᠤᠨ ᠪᠣᠬᠢᠷᠲᠤᠯ ᠢᠶᠠᠷ ᠪᠠᠭ᠎ᠠ ᠵᠡᠷᠭᠡ ᠳᠠᠪᠠᠭᠤᠯᠢᠭ ᠲᠠᠢ ᠪᠠᠶᠢᠳᠠᠭ᠃ ᠲᠣᠰ ᠪᠦᠯᠦᠭ ᠮᠠᠰᠢᠨ ᠲᠡᠷᠭᠡᠨ ᠳᠤ ᠣᠶᠤᠨᠴᠢ ᠲᠣᠬᠢᠷᠠᠭᠤᠯᠭ᠎ᠠ ᠶᠢᠨ ᠰᠢᠰᠲ᠋ᠧᠮ ᠵᠢᠴᠢ ᠮᠠᠰᠢᠨ ᠲᠡᠷᠭᠡᠨ ᠤ ᠰᠦᠯᠵᠢᠶᠡᠨ ᠤ ᠣᠶᠤᠨᠴᠢ ᠦᠵᠦᠭᠦᠷ ᠤᠨ ᠲᠠᠪᠴᠠᠩ ᠢ ᠢᠵᠢ ᠪᠦᠷᠢᠳᠦᠭᠦᠯᠦᠨ ᠤᠭᠰᠠᠷᠠᠵᠤ᠂ ᠦᠨ᠎ᠡ ᠪᠤᠳᠤᠬᠤ᠂ ᠬᠢᠨᠠᠨ ᠡᠵᠡᠮᠳᠡᠬᠦ᠂ ᠠᠮᠤᠷ ᠲᠦᠪᠰᠢᠨ ᠢ ᠨᠢᠭᠡ ᠴᠣᠭᠴᠠᠵᠢᠭᠤᠯᠤᠭᠰᠠᠨ ᠪᠥᠬᠦ ᠲᠠᠯ᠎ᠠ ᠶᠢᠨ ᠣᠶᠤᠨᠴᠢ ᠬᠠᠮᠢᠶᠠᠷᠤᠯᠲᠠ ᠶᠢ ᠪᠡᠶᠡᠯᠡᠭᠦᠯᠪᠡ᠃ ᠡᠭᠦᠨ ᠤ ᠵᠡᠷᠭᠡ ᠳᠤ᠂ ᠮᠠᠨ ᠤ ᠬᠤᠲᠠ 33 ᠰᠠᠭᠤᠷᠢ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠥᠷᠲᠡᠭᠡ ᠶᠢ ᠢᠵᠢ ᠪᠦᠷᠢᠳᠦᠭᠦᠯᠦᠨ ᠪᠠᠶᠢᠭᠤᠯᠵᠤ᠂ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡᠨ ᠤ ᠠᠶᠠᠯᠠᠯ ᠳᠤ ᠬᠦᠴᠦᠲᠡᠢ ᠪᠠᠲᠤᠯᠠᠭ᠎ᠠ ᠬᠠᠩᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号