12 ᠰᠠᠷ᠎ᠠ ᠶᠢᠨ 16 ᠤ ᠡᠳᠦᠷ᠂ ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ᠡᠯᠧᠺᠲᠷᠣᠨ | ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠨᠠᠶᠢᠷ ᠸᠠᠨ ᠳ᠋ᠠ ᠲᠠᠯᠠᠪᠠᠶ ᠳᠤ ᠡᠬᠢᠯᠡᠪᠡ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠧᠢ ᠶᠦᠨ᠂ ᠬᠤᠲᠠ ᠶᠢᠨ ᠳᠡᠳ᠋ | ᠳᠠᠷᠤᠭ᠎ᠠ ᠵᠠᠩ ᠮᠢᠩ ᠮᠢᠩ ᠨᠠᠶᠢᠷ ᠲᠤ ᠣᠷᠣᠯᠴᠠᠪᠠ᠃ | ᠠᠵᠢᠯᠯᠠᠭ᠎ᠠ ᠶᠢᠨ ᠳᠤᠮᠳᠠ᠂ 5 ᠦᠨᠡᠨᠴᠢ ᠢᠲᠡᠭᠡᠮᠵᠢ ᠶᠢᠨ ᠬᠤᠳᠠᠯᠳᠤᠭᠠᠴᠢᠨ ᠤ ᠲᠥᠯᠥᠭᠡᠯᠡᠭᠴᠢ ᠬᠠᠮᠲᠤ ᠪᠠᠷ | ᠲᠠᠩᠭᠠᠷᠢᠭᠯᠠᠵᠤ᠂ ᠭᠤᠣᠯᠯᠠᠨ ᠡᠷᠭᠢᠯᠡᠭᠰᠡᠨ ᠲᠠᠯ᠎ᠠ ᠶᠢᠨ ᠬᠢᠨ ᠨᠢᠭᠡ ᠮᠦᠴᠡᠲᠤ ᠠᠷᠠᠳ ᠲᠤ ᠲᠥᠬᠦᠮ ᠦᠵᠡᠭᠦᠯᠬᠦ | ᠠᠮᠢᠳᠤᠷᠠᠯ ᠤᠨ ᠨᠠᠶᠢᠷ ᠤᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠭᠰᠡᠨ 8 ᠨᠢᠭᠡᠴᠡ ᠪᠠ | ᠤᠬᠠᠭᠤᠯᠭ᠎ᠠ ᠶᠢᠨ ᠤᠷᠢᠶ᠎ᠠ ᠶᠢ ᠡᠯᠰᠡᠨ ᠰᠢᠯᠭᠠᠷᠠᠭᠤᠯᠬᠤ ᠠᠵᠢᠯᠯᠠᠭ᠎ᠠ ᠶᠢᠨ ᠱᠠᠩᠨᠠᠯ ᠬᠦᠷᠲᠡᠭᠰᠡᠳ ᠲᠤ ᠮᠧᠳᠠᠯ ᠪᠠ | ᠱᠠᠩᠨᠠᠯ ᠤᠨ ᠮᠦᠩᠬᠦ ᠭᠠᠷᠳᠠᠭᠤᠯᠪᠠ᠃ | ᠲᠣᠰ ᠤᠳᠠᠭᠠᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠨᠠᠶᠢᠷ 12 ᠰᠠᠷ᠎ᠠ ᠶᠢᠨ | 22 ᠤᠨ ᠡᠳᠦᠷ ᠪᠣᠯᠲᠠᠯ᠎ᠠ ᠦᠷᠭᠦᠯᠵᠢᠯᠡᠵᠦ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠲᠠᠷᠢᠶᠠᠯᠠᠩ ᠢ ᠲᠤᠰᠠᠯᠠᠬᠤ᠂ | ᠪᠦᠷᠢᠨ ᠪᠠᠷᠠᠭ᠎ᠠ᠂ ᠬᠤᠪᠴᠠᠰᠤ ᠬᠤᠨᠠᠷ ᠵᠡᠷᠭᠡ ᠣᠯᠠᠨ ᠰᠢᠭᠤᠳ ᠨᠡᠪᠲᠡᠷᠡᠭᠦᠯᠭᠡ ᠶᠢᠨ ᠲᠤᠰᠬᠠᠢ ᠲᠠᠯᠠᠪᠤᠷ ᠭᠠᠷᠭᠠᠵᠤ᠂ | ᠢᠳᠡᠭᠡᠨ ᠤᠮᠳᠠᠭᠠᠨ᠂ ᠪᠦᠷᠢᠨ ᠪᠠᠷᠠᠭ᠎ᠠ᠂ ᠮᠠᠰᠢᠨ ᠲᠡᠷᠭᠡ᠂ ᠵᠢᠭᠤᠯᠴᠢᠯᠠᠯ ᠵᠡᠷᠭᠡ ᠠᠵᠢᠯ ᠲᠥᠷᠥᠯ ᠢ ᠬᠠᠮᠤᠷᠴᠤ᠂ ᠲᠣᠰ | ᠭᠠᠵᠠᠷ ᠤᠨ 100 ᠭᠠᠷᠤᠢ ᠰᠢᠯᠢᠳᠡᠭ ᠠᠵᠤ ᠠᠬᠤᠶᠢᠯᠠᠯ᠂ 500 ᠭᠠᠷᠤᠢ ᠵᠦᠢᠯ ᠤᠨ ᠲᠠᠸᠠᠷ ᠢ ᠵᠠᠯᠭᠠᠭ᠎ᠠ ᠪᠠᠷ | ᠰᠢᠭᠤᠳ ᠨᠡᠪᠲᠡᠷᠡᠭᠦᠯᠭᠡ ᠳᠤ ᠭᠠᠷᠭᠠᠬᠤ ᠪᠣᠯᠣᠨ᠎ᠠ᠃ ᠠᠵᠢᠯᠯᠠᠭ᠎ᠠ ᠳᠤ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠵᠡᠷᠭᠡ ᠪᠠᠷ ᠰᠢᠭᠤᠳ ᠨᠡᠪᠲᠡᠷᠡᠭᠦᠯᠬᠦ᠂ ᠪᠥᠬᠦ ᠬᠤᠲᠠ ᠪᠥᠬᠦ ᠲᠠᠯᠠᠪᠤᠷ ᠢᠶᠠᠷ ᠬᠠᠮᠲᠤ ᠪᠠᠷ ᠣᠷᠣᠯᠴᠠᠬᠤ | ᠠᠷᠭ᠎ᠠ ᠮᠠᠶ᠋ᠢᠭ ᠢ ᠠᠪᠴᠤ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠤᠨ ᠰᠢᠨ᠎ᠡ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠴᠢᠬᠤᠯᠠ ᠬᠥᠳᠡᠯᠭᠡᠭᠦᠷ ᠤᠨ | ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠷᠡᠭᠯᠡᠯᠲᠡ ᠶᠢᠨ ᠨᠣᠷᠮ᠎ᠠ ᠪᠠ ᠬᠤᠪᠢᠷᠠᠭᠤᠯᠤᠯᠲᠠ ᠶᠢᠨ ᠨᠣᠷᠮ᠎ᠠ ᠶᠢ | ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡ ᠶᠢᠨ ᠡᠯ᠎ᠡ | ᠭᠤᠭᠴᠤᠭ᠎ᠠ ᠶᠢ ᠨᠠᠪᠲᠠᠷᠡᠭᠦᠯᠵᠦ᠂ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠨ᠎ᠡ᠃ | ᠲᠣᠰ ᠠᠵᠢᠯᠯᠠᠭ᠎ᠠ ᠶᠢ ᠲᠤᠬᠠᠢ ᠶᠢᠨ ᠡᠳᠦᠷ ᠲᠤ ᠨᠡᠶᠢᠲᠡ 13.4 ᠭᠠᠷᠤᠢ ᠲᠦᠮᠡᠨ ᠬᠥᠮᠥᠨ ᠤᠳᠠᠭ᠎ᠠ | ᠰᠣᠨᠢᠷᠬᠠᠨ ᠦᠵᠡᠵᠦ᠂ ᠰᠦᠯᠵᠢᠶᠡᠨ ᠳᠡᠭᠡᠷᠡᠬᠢ ᠠᠷᠠᠯᠵᠢᠶᠠᠨ ᠤ ᠲᠤᠭ᠎ᠠ 30 ᠭᠠᠷᠤᠢ ᠲᠦᠮᠡᠨ ᠲᠥᠭᠦᠷᠢᠭ ᠲᠤ | ᠬᠦᠷᠴᠦ᠂ ᠵᠠᠬᠢᠶᠠᠯᠠᠭᠰᠠᠨ ᠬᠦᠮᠦᠨ ᠤ ᠲᠤᠭ᠎ᠠ 5264 ᠣᠳᠠᠭ᠎ᠠ ᠬᠦᠷᠴᠦ᠂ ᠠᠷᠠᠯᠵᠢᠶ᠎ᠠ ᠪᠦᠲᠦᠭᠰᠡᠨ | ᠬᠤᠪᠢᠷᠠᠭᠤᠯᠤᠯᠲᠠ ᠶᠢᠨ ᠨᠣᠷᠮ᠎ᠠ 93% ᠳᠤ ᠬᠦᠷᠴᠡᠢ᠃ |